ᠲᠣᠭᠲᠠᠬᠤ ᠰᠢᠶᠠᠨ ᠤ ᠤᠳᠤ ᠦᠶ᠎ᠡ ᠶᠢᠨ ᠡᠪᠡᠰᠦᠨ ᠤ ᠦᠢᠯᠡᠰ ᠤᠨ ᠡᠪᠡᠰᠦ ᠪᠣᠷᠳᠣᠭᠠᠨ ᠤ ᠠᠵᠤ ᠦᠢᠯᠡᠰ ᠤᠨ ᠬᠦᠷᠢᠶᠡᠯᠡᠩ ᠤᠨ ᠲᠠᠷᠢᠮᠠᠯ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/5/22
      5 ᠳ᠋ᠤᠭᠠᠷ ᠰᠠᠷ᠎ᠠ ᠶᠢᠨ 19  ᠤ ᠡᠳᠦᠷ᠂ ᠤᠳᠤ ᠦᠶ᠎ᠡ ᠶᠢᠨ ᠡᠪᠡᠰᠦᠨ ᠤ ᠦᠢᠯᠡᠰ ᠤᠨ ᠲᠣᠭᠲᠠᠬᠤ ᠰᠢᠶᠠᠨ ᠤ 5 ᠲᠦᠮᠡᠨ ᠮᠦ ᠡᠪᠡᠰᠦ ᠪᠣᠷᠳᠣᠭᠠᠨ ᠤ ᠠᠵᠤ ᠦᠢᠯᠡᠰ ᠤᠨ ᠬᠦᠷᠢᠶᠡᠯᠡᠩ ᠤᠨ ᠲᠠᠷᠢᠮᠠᠯ ᠤᠨ ᠡᠬᠢᠯᠡᠯᠲᠡ ᠶᠢᠨ ᠶᠣᠰᠣᠯᠠᠯ ᠲᠣᠭᠲᠠᠬᠤ ᠰᠢᠶᠠᠨ ᠤ ᠦᠱᠧᠨ ᠪᠠᠯᠭᠠᠰᠤᠨ ᠳᠤ ᠶᠠᠪᠤᠭᠳᠠᠪᠠ᠃ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠨᠡᠷᠡᠨ ᠤ ᠲᠤᠶᠠᠭ᠎ᠠ ᠳᠤᠯᠠᠶᠢᠵᠤ᠂ ᠤᠷᠢᠬᠠᠨ ᠰᠠᠯᠬᠢ ᠡᠶᠡᠪᠡᠷᠭᠦᠦ ᠰᠠᠯᠬᠢᠯᠠᠵᠤ᠂ ᠠᠷᠪᠠ ᠭᠠᠷᠤᠢ ᠲᠣᠮᠣ ᠬᠡᠯᠪᠡᠷᠢ ᠶᠢᠨ ᠮᠠᠰᠢᠨ ᠮᠧᠬᠠᠨᠢᠭ ᠤᠨ ᠬᠥᠷᠥᠰᠥ ᠰᠢᠷᠣᠢ ᠶᠢ ᠰᠤᠯᠠᠷᠠᠭᠤᠯᠵᠤ᠂ ᠪᠣᠷᠳᠣᠭᠤᠷ ᠣᠷᠣᠭᠤᠯᠵᠤ ᠶᠠᠭᠠᠷᠠᠯᠳᠠᠢ᠃      ᠡᠪᠡᠰᠦ ᠪᠣᠷᠳᠤᠭ᠎ᠠ ᠪᠣᠯ ᠡᠪᠡᠰᠦᠨ ᠲᠡᠵᠢᠭᠡᠯᠲᠦ ᠮᠠᠯ ᠠᠵᠤ ᠠᠬᠤᠢ ᠶᠢᠨ ᠬᠥᠭᠵᠢᠯᠲᠡ ᠶᠢᠨ ᠪᠣᠳᠠᠰ ᠤᠨ ᠰᠠᠭᠤᠷᠢ ᠮᠥᠨ᠂ ᠡᠪᠡᠰᠦ ᠪᠣᠷᠳᠤᠭ᠎ᠠ ᠶᠢᠨ ᠠᠵᠤ ᠦᠢᠯᠡᠰ ᠪᠣᠯ ᠣᠲᠣ ᠦᠶ᠎ᠡ ᠶᠢᠨ ᠲᠠᠷᠢᠶᠠᠯᠠᠩ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠰᠦ ᠶᠢᠨ ᠦᠢᠯᠡᠰ ᠤᠨ ᠠᠮᠤᠷ ᠲᠦᠪᠰᠢᠨ ᠦᠷᠭᠦᠯᠵᠢᠯᠡᠨ ᠬᠥᠭᠵᠢᠬᠦ ᠶᠢ ᠦᠨᠡᠨ ᠬᠦ ᠪᠠᠲᠤᠯᠠᠬᠤ ᠶᠢᠨ ᠵᠠᠩᠭᠢᠯᠠᠭ᠎ᠠ ᠶᠢᠨ ᠬᠦᠴᠦᠨ ᠵᠦᠢᠯ ᠮᠥᠨ᠂ ᠪᠣᠬᠢᠷᠲᠤᠯ ᠦᠭᠡᠢ ᠰᠦ ᠶᠢᠨ ᠰᠠᠪᠠ ᠶᠢ ᠪᠣᠶ ᠪᠣᠯᠭᠠᠬᠤ ᠬᠠᠲᠠᠭᠤ ᠪᠣᠳᠠᠲᠤ ᠬᠦᠴᠦᠨ ᠮᠥᠨ᠃ ᠤᠳᠤ ᠦᠶ᠎ᠡ ᠶᠢᠨ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ 2021 ᠣᠨ ᠳᠤ ᠪᠠᠶᠢᠭᠤᠯᠤᠭᠳᠠᠵᠤ᠂ ᠮᠧᠩ ᠨᠢᠦ ᠪᠦᠯᠦᠭᠯᠡᠯ ᠤᠨ ᠬᠤᠰᠢᠭᠤᠨ ᠳᠣᠣᠷᠠᠬᠢ ᠤᠳᠤ ᠦᠶ᠎ᠡ ᠶᠢᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠪᠦᠷᠢᠨ ᠪᠡᠯᠡᠳᠦ ᠺᠣᠮᠫᠠᠨᠢ ᠪᠣᠯᠣᠨ᠎ᠠ᠃ ᠤᠳᠤ ᠦᠶ᠎ᠡ ᠶᠢᠨ ᠡᠪᠡᠰᠦᠨ ᠤ ᠦᠢᠯᠡᠰ 2023 ᠣᠨ ᠤ 3 ᠰᠠᠷ᠎ᠠ ᠳᠤ ᠲᠣᠭᠲᠠᠬᠤ ᠰᠢᠶᠠᠨ ᠳᠤ ᠣᠷᠣᠵᠤ ᠰᠠᠭᠤᠭᠰᠠᠨ ᠠᠴᠠ ᠨᠠᠰᠢ᠂ ᠲᠡᠵᠢᠭᠡᠯ ᠡᠪᠡᠰᠦᠨ ᠤ ᠦᠷ᠎ᠡ ᠶᠢᠨ ᠦᠢᠯᠡᠰ ᠢ ᠰᠤᠳᠤᠯᠤᠨ ᠨᠡᠭᠡᠭᠡᠬᠦ ᠲᠠᠯ᠎ᠠ ᠪᠠᠷ᠂ ᠲᠡᠵᠢᠭᠡᠯ ᠡᠪᠡᠰᠦᠨ ᠤ ᠰᠢᠨ᠎ᠡ ᠡᠭᠦᠯᠳᠡᠷ ᠢ ᠣᠷᠣᠭᠤᠯᠤᠨ ᠠᠪᠴᠢᠷᠠᠬᠤ ᠪᠠ ᠰᠢᠯᠢᠨ ᠰᠣᠩᠭᠤᠵᠤ᠂ ᠰᠢᠯᠢᠳᠡᠭ ᠦᠷ᠎ᠡ ᠪᠣᠶᠢᠵᠢᠭᠤᠯᠵᠤ᠂ ᠦᠷ᠎ᠡ ᠡᠳ᠋ ᠤᠨ ᠡᠬᠢ ᠪᠠᠶᠠᠯᠢᠭ ᠢ ᠪᠠᠶᠠᠯᠢᠭᠵᠢᠭᠤᠯᠵᠠᠢ᠃ ᠡᠪᠡᠰᠦ ᠪᠣᠷᠳᠤᠭ᠎ᠠ ᠳᠠᠷᠢᠬᠤ ᠲᠠᠯ᠎ᠠ ᠪᠠᠷ᠂ ᠨᠢᠭᠡ ᠲᠠᠯ᠎ᠠ ᠪᠠᠷ ᠲᠠᠷᠢᠮᠠᠯ ᠤᠨ ᠠᠵᠤ ᠦᠢᠯᠡᠰ ᠤᠨ ᠪᠡᠶᠡᠲᠦ ᠴᠣᠭᠴᠠᠲᠤ ᠣᠯᠠᠨ ᠬᠡᠮᠵᠢᠯᠲᠦ ᠳ᠋ᠠᠶᠢᠲ᠋ᠠ ᠬᠥᠮᠥᠷᠭᠡ ᠪᠠ ᠤᠷᠭᠤᠮᠠᠯ ᠤᠨ ᠬᠠᠮᠠᠭᠠᠯᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠪᠠ︔ ᠨᠥᠭᠦᠭᠡ ᠲᠠᠯ᠎ᠠ ᠪᠠᠷ ᠬᠤᠵᠢᠷ ᠭᠠᠳᠠᠭᠰᠢᠯᠠᠭᠤᠯᠬᠤ ᠰᠤᠪᠠᠭ ᠤᠨ ᠪᠦᠲᠦᠭᠡᠨ ᠪᠠᠶᠢᠭᠤᠯᠤᠯᠲᠠ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠪᠣᠷᠳᠣᠭᠤᠷ ᠢ ᠲᠣᠬᠢᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠷᠥᠰᠥ ᠰᠢᠷᠣᠢ ᠶᠢ ᠬᠤᠵᠢᠷᠰᠢᠭᠤᠯᠬᠤ ᠬᠡᠮᠵᠢᠶ᠎ᠡ ᠶᠢ ᠪᠠᠭᠤᠷᠠᠭᠤᠯᠬᠤ ᠶᠢᠨ ᠤᠯᠠᠮ ᠢᠶᠠᠷ ᠭᠠᠵᠠᠷ ᠰᠢᠷᠣᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠠᠷᠢᠬᠤ ᠬᠡᠪᠴᠢᠶ᠎ᠡ ᠶᠢ ᠥᠷᠭᠡᠳᠬᠡᠨ᠂ ᠠᠳᠠᠯᠢ ᠪᠤᠰᠤ ᠣᠷᠣᠨ ᠪᠦᠰᠡ ᠳᠤ ᠬᠠᠮᠤᠭ ᠤᠨ ᠰᠢᠯᠢᠳᠡᠭ ᠳᠠᠷᠢᠬᠤ ᠲᠥᠰᠥᠯ ᠢ ᠲᠤᠭᠳᠠᠭᠠᠪᠠ᠃ ᠡᠪᠡᠰᠦ ᠪᠣᠷᠳᠤᠭ᠎ᠠ ᠶᠢ ᠡᠳ᠋ᠰᠢᠭᠦᠯᠬᠦ ᠲᠠᠯ᠎ᠠ ᠪᠠᠷ᠂ ᠮᠠᠯᠵᠢᠯ ᠤᠨ ᠲᠠᠯᠠᠪᠠᠶ ᠶᠢᠨ ᠣᠶᠢᠷ᠎ᠠ ᠬᠠᠪᠢ ᠶᠢᠨ ᠵᠠᠷᠴᠢᠮ ᠤᠨ ᠲᠣᠭᠤᠷᠢᠨ ᠳᠤ᠂ ᠭᠠᠳᠠᠭᠠᠳᠤ ᠠᠴᠠ ᠣᠷᠣᠭᠤᠯᠤᠭᠰᠠᠨ ᠡᠪᠡᠰᠦ ᠪᠣᠷᠳᠤᠭ᠎ᠠ ᠶᠢ ᠪᠠᠶᠢᠷᠢᠰᠢᠭᠤᠯᠤᠨ ᠡᠳ᠋ᠰᠢᠭᠦᠯᠬᠦ ᠦᠢᠯᠡᠳᠪᠦᠷᠢ ᠶᠢᠨ ᠲᠠᠰᠤᠭ ᠢ ᠪᠠᠷᠢᠮᠵᠢᠶᠠᠯᠠᠨ᠂ ᠪᠠᠷᠢᠮᠵᠢᠶᠠᠵᠢᠭᠤᠯᠤᠭᠰᠠᠨ ᠡᠳ᠋ᠰᠢᠭᠦᠯᠬᠦ ᠦᠢᠯᠡᠳᠪᠦᠷᠢ ᠪᠠᠶᠢᠭᠤᠯᠵᠤ᠂ ᠠᠵᠢᠯ ᠲᠥᠷᠥᠯ ᠤᠨ ᠬᠡᠪ ᠳᠠᠭᠤᠷᠢᠶᠠᠯ ᠢ ᠪᠣᠶ ᠪᠣᠯᠭᠠᠨ᠎ᠠ᠃ ᠡᠭᠦᠨ ᠠᠴᠠ ᠭᠠᠳᠠᠨ᠎ᠠ᠂ ᠣᠲᠣ ᠦᠶ᠎ᠡ ᠶᠢᠨ ᠡᠪᠡᠰᠦᠨ ᠤ ᠦᠢᠯᠡᠰ ᠲᠤ ᠪᠠᠰᠠ ᠲᠠᠷᠢᠶᠠᠯᠠᠩ ᠤᠨ ᠳᠠᠭᠠᠳᠬᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠥᠪᠥᠷ ᠮᠣᠩᠭᠤᠯ ᠤᠨ ᠭᠠᠵᠠᠷ ᠣᠷᠣᠨ ᠤ ᠬᠡᠪᠴᠢᠶ᠎ᠡ ᠪᠠᠷ ᠬᠠᠮᠤᠭ ᠤᠨ ᠲᠣᠮᠣ ᠲᠠᠷᠢᠶᠠᠯᠠᠩ ᠤᠨ ᠮᠠᠰᠢᠨ ᠤ ᠬᠤᠷᠰᠢᠶ᠎ᠠ ᠶᠢ ᠪᠠᠶᠢᠭᠤᠯᠵᠤ᠂ ᠪᠠᠩᠬᠢ ᠶᠢᠨ ᠳᠣᠣᠷ᠎ᠠ ᠬᠦᠦ ᠲᠠᠢ ᠵᠢᠭᠡᠯᠡᠯᠭᠡ᠂ ᠲᠠᠷᠢᠶᠠᠯᠠᠩ ᠤᠨ ᠦᠢᠯᠡᠳᠬᠦᠨ ᠤ ᠥᠷᠲᠡᠭ ᠤᠨ ᠳᠠᠭᠠᠳᠬᠠᠯ᠂ ᠲᠠᠷᠢᠶᠠᠴᠢᠳ ᠲᠤ ᠠᠰᠢᠭ ᠬᠦᠷᠲᠡᠭᠡᠬᠦ ᠵᠡᠷᠭᠡ ᠲᠥᠷᠥ ᠶᠢᠨ ᠪᠣᠳᠣᠯᠭ᠎ᠠ ᠶᠢᠨ ᠬᠦᠷᠢᠶᠡᠯᠡᠩ ᠲᠤ ᠣᠷᠣᠬᠤ ᠶᠢ ᠪᠡᠶᠡᠯᠡᠭᠦᠯᠪᠡ᠃      ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠳᠤ ᠲᠦᠰᠢᠭᠯᠡᠨ᠂ ᠮᠠᠯᠵᠢᠯ ᠤᠨ ᠲᠠᠯᠠᠪᠠᠶ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠡᠪᠡᠰᠦ ᠪᠡᠯᠴᠢᠭᠡᠷ ᠤᠨ ᠠᠵᠤ ᠦᠢᠯᠡᠰ ᠢ ᠪᠠᠶᠢᠷᠢᠰᠢᠭᠤᠯᠵᠤ᠂ ᠰᠦ ᠶᠢᠨ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠠᠶᠢᠨ ᠡᠪᠡᠰᠦ ᠳᠠᠷᠢᠬᠤ᠂ ᠰᠠᠶᠢᠨ ᠳᠠᠷᠢᠬᠤ᠂ ᠰᠠᠶᠢᠨ ᠦᠬᠡᠷ ᠲᠡᠵᠢᠭᠡᠬᠦ᠂ ᠰᠠᠶᠢᠨ ᠰᠦ ᠦᠢᠯᠡᠳᠪᠦᠷᠢᠯᠡᠬᠦ᠂ ᠰᠠᠶᠢᠨ ᠬᠡᠯᠬᠢᠶ᠎ᠡ ᠪᠠᠶᠢᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ ᠂ ᠡᠪᠡᠰᠦ ᠪᠡᠯᠴᠢᠭᠡᠷ ᠢᠶᠠᠷ ᠮᠠᠯ ᠠᠵᠤ ᠠᠬᠤᠢ ᠶᠢ ᠪᠠᠶᠠᠵᠢᠭᠤᠯᠬᠤ᠂ ᠮᠠᠯ ᠪᠡᠯᠴᠢᠭᠡᠷ ᠢ ᠤᠶᠠᠯᠳᠤᠭᠤᠯᠬᠤ᠂ ᠮᠠᠯ ᠠᠵᠤ ᠠᠬᠤᠢ ᠪᠠᠷ ᠠᠷᠠᠳ ᠢ ᠪᠠᠶᠠᠵᠢᠭᠤᠯᠬᠤ ᠣᠲᠣ ᠦᠶ᠎ᠡ ᠶᠢᠨ ᠲᠠᠷᠢᠶᠠᠯᠠᠩ ᠤᠨ ᠶᠡᠭᠡ ᠪᠠᠶᠢᠷᠢᠰᠢᠯ ᠢ ᠪᠣᠶ ᠪᠤᠯᠭᠠᠪᠠ᠃      ᠣᠲᠣ ᠦᠶ᠎ᠡ ᠶᠢᠨ ᠡᠪᠡᠰᠦᠨ ᠤ ᠦᠢᠯᠡᠰ ᠲᠤ ᠡᠷᠳᠡᠨᠢ ᠰᠢᠰᠢ 3.6 ᠲᠦᠮᠡᠨ ᠮᠦ᠂ ᠴᠠᠷᠭᠠᠰᠤ 0.7 ᠲᠦᠮᠡᠨ ᠮᠦ᠂ ᠨᠣᠬᠠᠢ ᠶᠢᠨ ᠬᠤᠰᠢᠭᠤ 0.2 ᠲᠦᠮᠡᠨ ᠮᠦ᠂ ᠰᠢᠰᠢ 0.8 ᠲᠦᠮᠡᠨ ᠮᠦ ᠳᠠᠷᠢᠬᠤ ᠪᠠᠷ ᠲᠥᠯᠥᠪᠯᠡᠵᠦ ᠪᠣᠶ᠂ ᠵᠢᠱᠢᠯᠲᠡ ᠪᠠᠷ ᠡᠨᠡ ᠵᠢᠯ ᠤᠨ 5 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ᠬᠠᠪᠤᠷ ᠤᠨ ᠲᠠᠷᠢᠶᠠᠯᠠᠭ᠎ᠠ ᠶᠢᠨ ᠪᠦᠬᠦᠯᠢ ᠴᠣᠭᠴᠠ ᠶᠢᠨ ᠠᠵᠢᠯ ᠢ ᠳᠠᠭᠤᠰᠬᠠᠨ᠎ᠠ᠃ 2025 ᠣᠨ ᠪᠣᠯᠲᠠᠯ᠎ᠠ᠂ ᠡᠷᠬᠢᠨ ᠲᠣᠭᠤᠷᠢᠨ ᠤ 20 ᠲᠦᠮᠡᠨ ᠮᠦ ᠶᠢ ᠨᠥᠯᠥᠭᠡᠯᠡᠬᠦ ᠲᠠᠷᠢᠮᠠᠯ ᠤᠨ ᠣᠷᠣᠨ ᠪᠦᠰᠡ ᠶᠢ ᠪᠡᠶᠡᠯᠡᠭᠦᠯᠵᠦ᠂ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ᠤᠨ ᠡᠪᠡᠰᠦ ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠥᠬᠡ ᠳᠠᠷᠤᠰᠢ ᠶᠢᠨ ᠡᠷᠳᠡᠨᠢ ᠰᠢᠰᠢ ᠶᠢᠨ ᠳᠤᠮᠳᠠᠴᠢ ᠤᠨᠠᠯᠲᠠ ᠶᠢ 3 ᠲᠣᠨ/ᠮᠦ ᠪᠣᠯᠭᠠᠨ ᠳᠡᠭᠡᠭᠰᠢᠯᠡᠭᠦᠯᠵᠦ᠂ ᠴᠠᠷᠭᠠᠰᠤ ᠶᠢᠨ ᠳᠤᠮᠳᠠᠴᠢ ᠤᠨᠠᠯᠲᠠ ᠶᠢ 800 ᠺᠢᠯᠣᠭ᠍ᠷᠠᠮ/ᠮᠦ ᠪᠣᠯᠭᠠᠨ ᠳᠡᠭᠡᠭᠰᠢᠯᠡᠭᠦᠯᠵᠦ᠂ ᠮᠠᠨ ᠤ ᠰᠢᠶᠠᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠵᠦᠢᠯ ᠪᠠ ᠲᠤᠯᠭᠠᠭᠤᠷᠢᠯᠠᠯ ᠬᠠᠩᠭᠠᠵᠤ᠂ ᠲᠣᠭᠲᠠᠬᠤ ᠰᠢᠶᠠᠨ ᠤ ᠲᠦᠮᠡᠨ ᠮᠦ ᠰᠠᠶᠢᠨ ᠲᠠᠷᠢᠶᠠᠨ ᠭᠠᠵᠠᠷ ᠤᠨ ᠦᠪᠡᠳᠡᠭᠰᠢ ᠦᠵᠡᠮᠵᠢ ᠶᠢ ᠳᠠᠬᠢᠨ ᠢᠯᠡᠷᠡᠭᠦᠯᠵᠦ᠂ ᠲᠣᠭᠲᠠᠬᠤ ᠰᠢᠶᠠᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1