ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢᠨ ᠬᠢᠨ ᠢ ᠬᠠᠷᠠᠭᠠᠯᠵᠠᠬᠤ ᠠᠵᠢᠯ ᠤᠨ ᠵᠥᠪᠯᠡᠯ ᠤᠨ ᠠᠩᠬᠠᠨ ᠤ ᠪᠦᠯᠦᠭ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠯᠧᠺᠲ᠋ᠣᠷ ᠤᠨ ᠪᠦᠯᠬᠦᠮ ᠰᠤᠷᠭᠠᠭᠤᠯᠢ ᠶᠢᠨ ᠬᠦᠷᠢᠶᠡᠨ ᠳᠤ ᠤᠷᠤᠵᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/5/22
     2022 ᠣᠨ ᠤ 1 ᠳ᠋ᠤᠭᠡᠷ ᠰᠠᠷ᠎ᠠ ᠶᠢᠨ 1 ᠤ ᠡᠳᠦᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠵᠢᠩᠬᠢᠨᠢ ᠪᠠᠷ ᠬᠡᠷᠡᠭᠵᠢᠭᠦᠯᠪᠡ᠃ ᠵᠢᠯ ᠪᠦᠷᠢ ᠶᠢᠨ 5 ᠳ᠋ᠤᠭᠠᠷ ᠰᠠᠷ᠎ᠠ ᠶᠢᠨ 15 ᠤ ᠡᠳᠦᠷ ᠪᠣᠯ ᠪᠦᠬᠦ ᠤᠯᠤᠰ ᠤᠨ ᠭᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠶᠢᠨ ᠭᠠᠷᠠᠭ ᠪᠣᠯᠣᠨ᠎ᠠ᠂ ᠭᠤᠴᠢᠳᠤᠭᠠᠷ ︽ᠳᠡᠯᠡᠬᠡᠢ ᠶᠢᠨ ᠭᠡᠷ ᠪᠦᠯᠢ ᠶᠢᠨ ᠡᠳᠦᠷ︾ ᠪᠣᠯᠣᠨ ᠬᠤᠶᠠᠳᠤᠭᠠᠷ ᠪᠦᠬᠦ ᠤᠯᠤᠰ ᠤᠨ ᠭᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠶᠢ ᠪᠦᠷᠢᠨ ᠭᠦᠢᠴᠡᠳ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ  ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠤᠬᠠᠭᠤᠯᠤᠨ ᠬᠡᠷᠡᠭᠵᠢᠭᠦᠯᠬᠦ ᠶᠢ ᠪᠦᠲᠦᠮᠵᠢᠲᠡᠶ ᠠᠬᠢᠭᠤᠯᠵᠤ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠲᠤᠷᠠᠯᠴᠠᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠣᠶ ᠪᠤᠯᠭᠠᠬᠤ ᠶᠢᠨ ᠲᠦᠯᠦᠭᠡ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠣᠭᠤᠮᠲᠠ ᠶᠢᠨ ᠠᠵᠢᠯ ᠤᠨ ᠵᠥᠪᠯᠡᠯ ᠤᠨ ᠠᠩᠬᠠᠨ ᠤ ᠪᠦᠯᠦᠭ ᠭᠡᠷ ᠪᠦᠯᠢ ᠶᠢᠨ ᠬᠥᠮᠦᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠯᠧᠺᠲ᠋ᠣᠷ ᠤᠨ ᠪᠦᠯᠬᠦᠮ ᠰᠤᠷᠭᠠᠭᠤᠯᠢ ᠶᠢᠨ ᠬᠦᠷᠢᠶᠡᠨ ᠳᠤ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
     ᠨᠢᠭᠡ ᠬᠤᠪᠢ ᠬᠦᠰᠡᠯ ᠡᠷᠡᠮᠡᠯᠵᠡᠯ ᠡᠪᠦᠷᠯᠡᠨ᠂ ᠨᠢᠭᠡ ᠬᠤᠪᠢ ᠢᠲᠡᠭᠡᠯ ᠢ ᠡᠪᠦᠷᠯᠡᠨ᠂ ᠵᠢᠷᠭᠤᠳᠤᠭᠠᠷ ᠣᠨ ᠤ 80 ᠰᠢᠬᠠᠮ ᠭᠡᠷ ᠤᠨ ᠠᠬᠠᠮᠠᠳ ᠲᠣᠰ ᠤᠳᠠᠭᠠᠨ ᠤ ᠲᠠᠶᠢᠯᠤᠮᠵᠢ ᠳᠤ ᠣᠷᠣᠯᠴᠠᠵᠤ᠂ ᠭᠡᠷ ᠤᠨ ᠠᠬᠠᠮᠠᠳ ᠨᠠᠷᠢᠨ ᠬᠢᠨᠠᠮᠠᠭᠠᠢ ᠰᠣᠨᠣᠰᠴᠤ᠂ ᠬᠠᠷᠢᠯᠴᠠᠨ ᠬᠥᠳᠡᠯᠦᠯᠴᠡᠬᠦ ᠳᠤ ᠢᠳᠡᠪᠬᠢᠲᠡᠢ ᠣᠷᠣᠯᠴᠠᠵᠤ᠂ ᠥᠪᠡᠷ ᠤᠨ ᠪᠣᠳᠣᠯ ᠰᠠᠨᠠᠯ ᠢᠶᠠᠨ ᠢᠳᠡᠪᠬᠢᠲᠡᠢ ᠪᠠᠷ ᠢᠯᠡᠳᠬᠡᠵᠡᠢ᠃      5 ᠰᠠᠷ᠎ᠠ ᠶᠢᠨ 16 ᠤ ᠡᠳᠦᠷ᠂ ᠲᠣᠭᠲᠠᠬᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ᠂ ᠰᠢᠶ᠋ᠧ ᠮᠢᠨ ᠨᠠᠨ ᠪᠠᠭᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢᠨ ᠲᠤᠰᠬᠠᠢ ᠰᠡᠳᠦᠪᠲᠦ ᠲᠠᠶᠢᠯᠤᠮᠵᠢ ᠬᠢᠪᠡ᠃
<< < 1 2 > >>  
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1