ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠪᠣᠯᠣᠨ ︽ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠴᠠᠭ ᠦᠶ᠎ᠡ ᠶᠢᠨ ᠪᠥᠬᠦ ᠣᠷᠣᠨ ᠤ ᠴᠢᠳᠠᠪᠤᠷᠢᠲᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠮᠡᠲᠦ | ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠦᠨ᠎ᠡ | 1᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠴᠢᠳᠠᠪᠤᠷᠢᠲᠠᠨ ᠤ ᠬᠠᠮᠢᠶᠠᠷᠤᠯᠲᠠ ᠶᠢᠨ ᠳᠦᠷᠢᠮ ᠢ | ᠥᠭᠡᠷᠡᠴᠢᠯᠡᠨ᠎ᠡ᠃ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ ᠶᠢ ᠨᠢᠭᠡᠨᠲᠡ ᠬᠢᠨᠠᠨ ᠲᠣᠭᠲᠠᠭᠠᠭᠰᠠᠨ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠵᠡᠷᠭᠡ ᠠᠵᠢᠯ ᠦᠢᠯᠡᠰ ᠤᠨ ᠨᠢᠭᠡᠴᠡ ᠨᠦᠭᠦᠳ ᠠᠵᠢᠯᠲᠠᠨ ᠤ ᠣᠷᠣᠨ | ᠲᠤᠭ᠎ᠠ ᠶᠢᠨ ᠶᠡᠷᠦᠩᠬᠡᠢ ᠬᠡᠮᠵᠢᠶ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠥᠮᠥᠨ ᠨᠡᠮᠡᠬᠦ ᠲᠥᠯᠥᠪᠯᠡᠭᠡ᠂ | ᠬᠡᠷᠡᠭᠵᠢᠭᠦᠯᠬᠦ ᠲᠥᠰᠥᠯ᠂ ᠰᠢᠯᠭᠠᠬᠤ ︵ᠰᠢᠯᠭᠠᠨ ᠪᠠᠶᠢᠴᠠᠭᠠᠬᠤ︶ ᠠᠷᠭ᠎ᠠ ᠮᠠᠶ᠋ᠢᠭ ᠢ ᠵᠢᠯ ᠪᠦᠷᠢ ᠥᠪᠡᠰᠦᠪᠡᠨ | ᠲᠤᠭᠤᠷᠪᠢᠨ ᠲᠣᠭᠲᠠᠭᠠᠵᠤ᠂ ᠤᠷᠢᠨ ᠬᠡᠷᠡᠭᠯᠡᠭᠰᠡᠨ ︵ᠣᠷᠣᠭᠤᠯᠤᠨ ᠠᠪᠴᠢᠷᠠᠭᠰᠠᠨ︶ ᠦᠷ᠎ᠡ ᠳ᠋ᠦᠩ ᠢ ᠬᠡᠷᠡᠭ ᠤᠨ | ᠳᠠᠷᠠᠭ᠎ᠠ ᠠᠳᠠᠯᠢ ᠱᠠᠲᠤᠨ ᠤ ᠵᠣᠬᠢᠶᠠᠨ ᠪᠠᠶᠢᠭᠤᠯᠤᠯᠲᠠ᠂ ᠣᠷᠣᠨ ᠲᠤᠭ᠎ᠠ᠂ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠢ᠃ ᠣᠷᠣᠨ ᠲᠤᠭ᠎ᠠ ᠨᠢ ᠬᠦᠷᠦᠯᠴᠡᠬᠦ | ᠦᠭᠡᠢ ᠠᠵᠢᠯ ᠦᠢᠯᠡᠰ ᠤᠨ ᠨᠢᠭᠡᠴᠡ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠳᠡᠭᠡᠳᠦ ᠲᠠᠰ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠴᠢᠳᠠᠪᠤᠷᠢᠲᠠᠨ ᠤ ᠲᠤᠰᠬᠠᠢ ᠣᠷᠣᠨ ᠲᠤᠭ᠎ᠠ ᠶᠢ ᠬᠡᠷᠡᠭᠯᠡᠬᠦ ᠪᠠᠷ | ᠭᠤᠶᠤᠴᠢᠯᠠᠵᠤ ᠪᠣᠯᠣᠨ᠎ᠠ᠃ ᠬᠥᠮᠥᠨ ᠬᠡᠷᠡᠭᠯᠡᠬᠦ ᠨᠢᠭᠡᠴᠡ ᠶᠢᠨ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠴᠢᠳᠠᠪᠤᠷᠢᠲᠠᠨ ᠳᠤ ᠣᠨ ᠤ ᠴᠠᠯᠢᠩ ᠤᠨ ᠳᠦᠷᠢᠮ᠂ ᠵᠥᠪᠯᠡᠯᠴᠡᠭᠡᠷ ᠤᠨ ᠴᠠᠯᠢᠩ ᠤᠨ | ᠳᠦᠷᠢᠮ᠂ ᠲᠥᠷᠥᠯ ᠵᠦᠢᠯ ᠤᠨ ᠴᠠᠯᠢᠩ ᠤᠨ ᠳᠦᠷᠢᠮ ᠢ ᠬᠡᠷᠡᠭᠵᠢᠭᠦᠯᠬᠦ ᠶᠢ ᠳᠡᠮᠵᠢᠵᠦ᠂ ᠴᠠᠯᠢᠩ ᠢ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢᠨ ᠬᠠᠮᠢᠶᠠᠷᠤᠯᠲᠠ ᠳᠤ ᠣᠷᠣᠭᠤᠯᠵᠤ᠂ ᠶᠡᠷᠦᠩᠬᠡᠢ ᠬᠡᠮᠵᠢᠶ᠎ᠡ ᠶᠢᠨ | ᠰᠠᠭᠤᠷᠢ ᠲᠤᠭ᠎ᠠ ᠳᠤ ᠤᠷᠤᠭᠤᠯᠬᠤ ᠦᠭᠡᠢ᠃ | 2᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ | ᠥᠷᠭᠡᠳᠬᠡᠨ᠎ᠡ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠰᠢᠭᠤᠳ | ᠵᠠᠷᠤᠳᠠᠯ ᠤᠨ ᠲᠥᠰᠥᠪ ᠤᠨ ᠲᠣᠬᠢᠷᠠᠭᠤᠯᠤᠯᠲᠠ ᠶᠢᠨ ᠡᠷᠬᠡ ᠶᠢ ᠪᠦᠬᠦᠨ ᠢ ᠲᠥᠷᠥᠯ ᠵᠦᠢᠯ ᠢ ᠳᠠᠭᠠᠭᠠᠨ ᠡᠭᠦᠷᠭᠡᠯᠡᠬᠦ | ᠨᠢᠭᠡᠴᠡ ᠳᠤ ᠪᠠᠭᠤᠯᠭᠠᠨ ᠥᠭᠴᠦ᠂ ᠲᠥᠬᠦᠭᠡᠷᠦᠮᠵᠢ ᠶᠢᠨ ᠵᠠᠷᠤᠳᠠᠯ ᠠᠴᠠ ᠭᠠᠳᠠᠨᠠᠬᠢ ᠪᠤᠰᠤᠳ ᠵᠠᠷᠤᠳᠠᠯ ᠢ | ᠲᠣᠬᠢᠷᠠᠭᠤᠯᠬᠤ ᠡᠷᠬᠡ ᠶᠢ ᠪᠦᠬᠦᠨ ᠢ ᠲᠥᠷᠥᠯ ᠵᠦᠢᠯ ᠢ ᠳᠠᠭᠠᠭᠠᠨ ᠡᠭᠦᠷᠭᠡᠯᠡᠬᠦ ᠨᠢᠭᠡᠴᠡ ᠠᠴᠠ ᠲᠥᠷᠥᠯ ᠵᠦᠢᠯ ᠤᠨ | ᠬᠠᠷᠢᠭᠤᠴᠠᠯᠭᠠᠲᠠᠨ ᠳᠤ ᠪᠠᠭᠤᠯᠭᠠᠨ ᠥᠭᠭᠦᠨ᠎ᠡ᠃ ᠳᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠵᠦ᠂ ᠲᠣᠭᠠᠨ ᠤ | ᠤᠬᠠᠭᠠᠨ᠂ ᠹᠢᠽᠢᠺ ᠵᠡᠷᠭᠡ ᠴᠡᠪᠡᠷ ᠣᠨᠣᠯ ᠤᠨ ᠰᠠᠭᠤᠷᠢ ᠰᠤᠳᠤᠯᠭᠠᠨ ᠤ ᠲᠥᠷᠥᠯ ᠵᠦᠢᠯ ᠢ 60% ᠠᠴᠠ | ᠬᠡᠲᠦᠷᠡᠭᠦᠯᠬᠦ ᠦᠭᠡᠢ ᠪᠣᠯᠭᠠᠨ ᠳᠡᠭᠡᠭᠰᠢᠯᠡᠭᠦᠯᠦᠨ᠎ᠡ︔ ᠲᠥᠷᠥᠯ ᠵᠦᠢᠯ ᠢ ᠳᠠᠭᠠᠭᠠᠨ ᠡᠭᠦᠷᠭᠡᠯᠡᠬᠦ ᠨᠢᠭᠡᠴᠡ ᠨᠢ ᠳᠠᠮ | ᠵᠠᠷᠤᠳᠠᠯ ᠢ ᠪᠦᠬᠦᠨ ᠢ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠳᠤ ᠬᠡᠷᠡᠭᠯᠡᠬᠦ ᠶᠢᠨ ᠬᠠᠮᠲᠤ ᠰᠢᠨ᠎ᠡ ᠶᠢ | ᠡᠭᠦᠳᠦᠭᠰᠡᠨ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠪᠦᠯᠬᠦᠮ ᠨᠡᠶᠢᠲᠡ ᠪᠠ ᠬᠤᠪᠢ ᠬᠥᠮᠥᠨ ᠳᠠᠰᠢ | ᠬᠡᠯᠪᠡᠶᠢᠯᠭᠡᠵᠦ ᠪᠣᠯᠣᠨ᠎ᠠ︔ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠵᠡᠷᠭᠡ | ᠴᠢᠳᠠᠪᠤᠷᠢᠲᠠᠨ ᠤ ᠢᠨᠵᠧᠨᠧᠷᠢᠩ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢᠨ 30% ᠶᠢ ᠳᠠᠮ ᠵᠠᠷᠤᠳᠠᠯ | ᠪᠣᠯᠭᠠᠵᠤ ᠪᠣᠯᠣᠨ᠎ᠠ᠃ | 3᠂ ᠴᠢᠳᠠᠪᠤᠷᠢᠲᠠᠨ ᠢ ᠦᠨᠡᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠥᠬᠦᠴᠡᠯ ᠳᠤ | ᠨᠡᠶᠢᠴᠡᠬᠦ ᠳᠡᠭᠡᠳᠦ ᠲᠠᠰ ᠳᠠᠪᠬᠤᠷᠭ᠎ᠠ ᠶᠢᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ | ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠪᠣᠯ ᠳᠡᠭᠡᠳᠦ ᠲᠠᠰ ᠤᠨ ᠮᠡᠷᠭᠡᠵᠢᠯ ᠤᠨ ᠴᠣᠯᠠ ᠶᠢ ᠱᠠᠲᠤ ᠠᠯᠭᠠᠰᠠᠭᠤᠯᠤᠨ | ᠰᠢᠯᠭᠠᠷᠠᠭᠤᠯᠵᠤ ᠤᠷᠢᠨ ᠬᠡᠷᠡᠭᠯᠡᠵᠦ ᠪᠣᠯᠣᠨ᠎ᠠ᠃ ᠨᠡᠶᠢᠲᠡ ᠶᠢᠨ ᠥᠮᠴᠢᠯᠡᠯ ᠤᠨ ᠪᠤᠰᠤ ᠬᠦᠷᠢᠶ᠎ᠡ ᠴᠠᠷᠠᠭ᠎ᠠ ᠶᠢᠨ | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠮᠡᠷᠭᠡᠵᠢᠯ ᠤᠨ ᠴᠣᠯᠠ ᠶᠢ ᠱᠠᠲᠤ ᠳᠠᠷᠠᠭᠠᠯᠠᠨ ᠮᠡᠳᠡᠭᠦᠯᠬᠦ ᠱᠠᠭᠠᠷᠳᠠᠯᠭ᠎ᠠ ᠳᠤ ᠬᠢᠵᠠᠭᠠᠷᠯᠠᠭᠳᠠᠬᠤ | ᠦᠭᠡᠢ ᠪᠠᠷ ᠵᠣᠬᠢᠬᠤ ᠲᠤᠰᠬᠠᠢ ᠮᠡᠷᠭᠡᠵᠢᠯ ᠤᠨ ᠴᠣᠯᠠ ᠶᠢ ᠰᠢᠭᠤᠳ ᠮᠡᠳᠡᠭᠦᠯᠦᠨ᠎ᠡ᠃ | 4᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠳᠦᠷᠢᠮ ᠢ ᠪᠦᠷᠢᠨᠰᠢᠭᠦᠯᠦᠨ᠎ᠡ | ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠡᠭᠦᠷᠭᠡ | ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠷ᠎ᠡ ᠪᠦᠲᠦᠭᠡᠯ ᠢ ᠪᠡᠶᠡᠯᠡᠭᠦᠯᠦᠭᠴᠢ ᠠᠴᠠ | ᠬᠤᠪᠢᠷᠠᠭᠤᠯᠬᠤ ᠶᠢ ᠬᠡᠷᠡᠭᠵᠢᠭᠦᠯᠦᠭᠰᠡᠨ ᠪᠠᠶᠢᠪᠠᠯ᠂ 70% ᠠᠴᠠ ᠳᠣᠣᠷ᠎ᠠ ᠦᠭᠡᠢ ᠬᠤᠪᠢᠷᠠᠭᠤᠯᠤᠯᠲᠠ ᠶᠢᠨ ᠠᠰᠢᠭ | ᠣᠯᠵᠠᠪᠤᠷᠢ ᠶᠢ ᠦᠷ᠎ᠡ ᠪᠦᠲᠦᠭᠡᠯ ᠢ ᠪᠡᠶᠡᠯᠡᠭᠦᠯᠦᠭᠴᠢ ᠪᠠ ᠦᠷ᠎ᠡ ᠪᠦᠲᠦᠭᠡᠯ ᠢ ᠬᠤᠪᠢᠷᠠᠭᠤᠯᠬᠤ ᠳᠤ ᠬᠤᠪᠢ ᠨᠡᠮᠡᠷᠢ | ᠦᠵᠡᠭᠦᠯᠦᠭᠰᠡᠨ ᠬᠥᠮᠥᠰ ᠲᠤ ᠱᠠᠩᠨᠠᠨ ᠬᠥᠬᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ | ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠪᠡᠯᠡᠨ | ᠮᠥᠩᠭᠦ ᠶᠢᠨ ᠱᠠᠩᠨᠠᠯ ᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠠᠮᠢᠶᠠᠷᠤᠯᠲᠠ ᠳᠤ ᠣᠷᠣᠭᠤᠯᠵᠤ᠂ | ᠬᠢᠨᠠᠨ ᠲᠣᠭᠲᠠᠭᠠᠭᠰᠠᠨ ᠶᠡᠷᠦᠩᠬᠡᠢ ᠬᠡᠮᠵᠢᠶ᠎ᠡ ᠳᠤ ᠬᠢᠵᠠᠭᠠᠷᠯᠠᠭᠳᠠᠬᠤ ᠦᠭᠡᠢ᠂ ᠶᠡᠷᠦᠩᠬᠡᠢ ᠬᠡᠮᠵᠢᠶ᠎ᠡ ᠶᠢᠨ ᠰᠠᠭᠤᠷᠢ | ᠲᠤᠭᠠᠨ ᠳᠤ ᠤᠷᠤᠭᠤᠯᠬᠤ ᠦᠭᠡᠢ᠃ | 5᠂ ᠡᠯ᠎ᠡ ᠲᠥᠷᠥᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ | ᠬᠦᠴᠦᠨ ᠢ ᠭᠦᠢᠴᠡᠳ ᠲᠠᠶᠢᠴᠢᠯᠠᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠠᠵᠤ | ᠠᠬᠤᠶᠢᠯᠠᠯ ᠳᠤ ᠬᠦᠷᠴᠦ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠢᠨᠵᠧᠨᠧᠷᠢᠩ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ | ᠭᠦᠢᠴᠡᠳᠬᠡᠬᠦ ᠶᠢᠨ ᠬᠠᠮᠲᠤ ᠵᠣᠬᠢᠬᠤ ᠬᠠᠷᠠᠮᠵᠢ ᠣᠯᠬᠤ ᠶᠢ ᠳᠡᠮᠵᠢᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠨ ᠤ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠭᠠᠳ ᠣᠯᠣᠭᠰᠠᠨ ᠠᠵᠢᠯ ᠤᠨ | ᠠᠮᠵᠢᠯᠲᠠ ᠪᠦᠲᠦᠮᠵᠢ ᠶᠢ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠠᠵᠢᠯ ᠤᠨ ᠪᠠᠶᠢᠷᠢ ᠳᠤ ᠥᠷᠢᠰᠦᠯᠳᠦᠨ | ᠤᠷᠢᠬᠤ᠂ ᠬᠢᠨᠠᠨ ᠰᠢᠯᠭᠠᠵᠤ ᠤᠷᠮᠠᠰᠢᠭᠤᠯᠬᠤ ᠴᠢᠬᠤᠯᠠ ᠦᠨᠳᠦᠰᠦᠯᠡᠯ ᠪᠣᠯᠭᠠᠵᠤ ᠪᠣᠯᠣᠨ᠎ᠠ᠃ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠤᠨ ᠨᠢᠭᠡ ᠯᠡ ᠰᠡᠳᠬᠢᠯ ᠢᠶᠠᠷ ᠰᠢᠨᠵᠢᠯᠡᠬᠦ ᠤᠬᠠᠭᠠᠨ ᠤ ᠰᠤᠳᠤᠯᠭᠠᠨ | ᠬᠢᠬᠦ ᠶᠢ ᠪᠠᠲᠤᠯᠠᠬᠤ ᠳᠦᠷᠢᠮ ᠢ ᠪᠠᠶᠢᠭᠤᠯᠵᠤ᠂ ᠡᠷᠳᠡᠮ ᠰᠢᠨᠵᠢᠯᠡᠭᠡᠨ ᠤ ᠪᠤᠰᠤ ᠴᠢᠨᠠᠷᠲᠠᠢ᠂ ᠪᠠᠶᠢᠳᠠᠯ ᠢ ᠠᠷᠭᠠᠴᠠᠬᠤ | ᠴᠢᠨᠠᠷᠲᠠᠢ᠂ ᠳᠠᠶᠢᠯᠠᠯᠭ᠎ᠠ ᠶᠢᠨ ᠴᠢᠨᠠᠷᠲᠠᠢ ᠠᠵᠢᠯᠯᠠᠭ᠎ᠠ ᠪᠠ ᠴᠢᠬᠤᠯᠠ ᠪᠤᠰᠤ ᠬᠢᠨᠠᠨ ᠲᠣᠭᠲᠠᠭᠠᠵᠤ ᠦᠨᠡᠯᠡᠬᠦ | ᠠᠵᠢᠯᠯᠠᠭ᠎ᠠ ᠳᠤ ᠣᠷᠣᠯᠴᠠᠬᠤ ᠶᠢ ᠪᠠᠭᠠᠰᠬᠠᠨ᠎ᠠ᠃ | ᠬᠤᠶᠠᠷ᠂ ᠴᠢᠳᠠᠪᠤᠷᠢᠲᠠᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠤᠨ᠎ᠠ | 6᠂ ᠴᠢᠳᠠᠪᠤᠷᠢᠲᠠᠨ ᠤ ᠰᠢᠨ᠎ᠡ ᠶᠢ ᠡᠭᠦᠳᠬᠦ ᠲᠥᠪ ᠪᠠ ᠦᠨᠳᠦᠷᠴᠡ ᠶᠢ ᠪᠦᠲᠦᠭᠡᠨ ᠪᠠᠶᠢᠭᠤᠯᠤᠨ᠎ᠠ᠃ ᠣᠷᠣᠨ | ᠬᠤᠲᠠ ᠬᠠᠮᠲᠤᠪᠠᠷ ᠪᠠᠶᠢᠭᠤᠯᠬᠤ ᠵᠠᠭᠪᠤᠷ ᠢ ᠭᠦᠨᠵᠡᠭᠡᠶᠢᠷᠡᠭᠦᠯᠵᠦ᠂ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠣᠷᠣᠨ ᠤ | ᠲᠥᠪ ᠤᠨ ᠴᠢᠳᠠᠪᠤᠷᠢᠲᠠᠨ ᠤ ᠡᠬᠢ ᠪᠠᠶᠠᠯᠢᠭ᠂ ᠰᠢᠨ᠎ᠡ ᠶᠢ ᠡᠭᠦᠳᠬᠦ ᠲᠠᠪᠴᠠᠩ᠂ ᠠᠵᠤ ᠦᠢᠯᠡᠰ ᠢ ᠵᠣᠯᠭᠠᠭᠤᠯᠬᠤ | ᠵᠡᠷᠭᠡ ᠳᠠᠪᠠᠭᠤᠯᠢᠭ ᠲᠤ ᠲᠦᠰᠢᠭᠯᠡᠨ᠂ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ︔ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢᠶᠠᠷ ᠭᠠᠷᠳᠠᠴᠠ ᠪᠣᠯᠭᠠᠨ ᠤᠯᠠᠭᠠᠨᠴᠠᠪ ︵ᠪᠡᠭᠡᠵᠢᠩ | ᠥᠪᠥᠷ ᠮᠣᠩᠭᠤᠯ︶ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ ᠤ ᠲᠥᠷᠥᠯ ᠵᠦᠢᠯ᠂ ᠠᠵᠤ ᠦᠢᠯᠡᠰ ᠢ | ᠣᠷᠣᠭᠤᠯᠤᠨ ᠠᠪᠴᠢᠷᠠᠬᠤ ᠢᠯᠠᠩᠭᠤᠶ᠎ᠠ ᠴᠢᠳᠠᠪᠤᠷᠢᠲᠠᠨ ᠢ ᠤᠶᠠᠨ ᠬᠠᠲᠠᠨ ᠢᠶᠠᠷ ᠣᠷᠣᠭᠤᠯᠤᠨ ᠠᠪᠴᠢᠷᠠᠬᠤ | ᠲᠠᠯ᠎ᠠ ᠪᠠᠷ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ | 7᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠪᠤᠭᠤᠲᠤ ᠶᠢᠨ ᠠᠵᠤ ᠦᠢᠯᠡᠰ ᠤᠨ | ᠲᠥᠷᠥᠯ ᠬᠡᠯᠪᠡᠷᠢ ᠣᠯᠠᠨ᠂ ᠠᠵᠤ ᠦᠢᠯᠡᠳᠪᠦᠷᠢ ᠶᠢᠨ ᠰᠠᠭᠤᠷᠢ ᠰᠠᠶᠢᠨ ᠪᠠᠶᠢᠬᠤ ᠳᠠᠪᠠᠭᠤᠯᠢᠭ ᠢ ᠪᠠᠳᠠᠷᠠᠭᠤᠯᠵᠤ᠂ | ᠦᠢᠯᠡᠳᠪᠦᠷᠢᠯᠡᠬᠦ ᠴᠢᠳᠠᠪᠤᠷᠢᠲᠠᠨ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠰᠦᠪᠡᠭᠴᠢᠯᠡᠬᠦ ᠶᠢ ᠳᠡᠮᠵᠢᠨ᠎ᠡ︔ | ᠣᠷᠳᠣᠰ ᠤᠨ ᠡᠨᠧᠷᠭᠢ ᠡᠬᠢ ᠪᠠᠶᠠᠯᠢᠭ ᠤᠨ ᠠᠵᠤ ᠦᠢᠯᠡᠰ ᠤᠨ ᠳᠠᠪᠠᠭᠤᠯᠢᠭ ᠪᠠ ᠴᠢᠳᠠᠪᠤᠷᠢᠲᠠᠨ ᠤ ᠲᠥᠷᠥ ᠶᠢᠨ | ᠪᠣᠳᠣᠯᠭ᠎ᠠ ᠶᠢᠨ ᠥᠷᠢᠰᠦᠯᠳᠦᠭᠡᠨ ᠤ ᠳᠠᠪᠠᠭᠤᠯᠢᠭ ᠢ ᠪᠠᠳᠠᠷᠠᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠬᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠳᠡᠮᠵᠢᠨ᠎ᠡ︔ ᠤᠯᠠᠭᠠᠨᠬᠠᠳᠠ | ᠪᠣᠯᠣᠨ ᠲᠦᠩᠯᠢᠶᠣᠣ ᠶᠢᠨ ᠣᠷᠣᠨ ᠪᠠᠶᠢᠷᠢ᠂ ᠠᠵᠤ ᠦᠢᠯᠡᠰ᠂ ᠰᠣᠶᠣᠯ ᠵᠡᠷᠭᠡ ᠲᠠᠯ᠎ᠠ ᠶᠢᠨ ᠬᠠᠷᠢᠴᠠᠭᠤᠯᠤᠭᠰᠠᠨ | ᠳᠠᠪᠠᠭᠤᠯᠢᠭ ᠢ ᠪᠠᠳᠠᠷᠠᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠪᠦᠰᠡ ᠶᠢᠨ ᠴᠢᠨᠠᠷᠲᠠᠢ | ᠴᠢᠳᠠᠪᠤᠷᠢᠲᠠᠨ ᠤ ᠥᠨᠳᠦᠷᠯᠢᠭ ᠭᠠᠵᠠᠷ ᠢ ᠪᠦᠲᠦᠭᠡᠨ ᠪᠠᠶᠢᠭᠤᠯᠤᠨ᠎ᠠ︔ ᠪᠤᠰᠤᠳ ᠠᠶᠢᠮᠠᠭ ᠬᠤᠲᠠ ᠵᠢᠴᠢ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ ᠵᠡᠷᠭᠡ ᠬᠥᠮᠥᠨ | ᠬᠡᠷᠡᠭᠯᠡᠬᠦ ᠭᠤᠣᠯ ᠴᠣᠭᠴᠠ ᠶᠢᠨ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠲᠣᠰ ᠲᠣᠰ ᠤᠨ | ᠣᠨᠴᠠᠯᠢᠭ ᠲᠠᠢ ᠴᠢᠳᠠᠪᠤᠷᠢᠲᠠᠨ ᠤ ᠬᠥᠭᠵᠢᠯᠲᠡ ᠶᠢᠨ ᠵᠠᠭᠪᠤᠷ ᠢ ᠰᠦᠪᠡᠭᠴᠢᠯᠡᠬᠦ ᠶᠢ ᠳᠡᠮᠵᠢᠨ᠎ᠡ᠃ | 8᠂ ᠳᠡᠭᠡᠳᠦ ᠳᠣᠣᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠤᠯᠪᠣᠭᠳᠠᠬᠤ ᠠᠶᠢᠮᠠᠭ ᠬᠤᠲᠠ ᠲᠠᠢ ᠬᠠᠮᠲᠤᠷᠠᠨ ᠬᠡᠷᠡᠭ | ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠣᠷᠣᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠰᠤᠳᠤᠯᠤᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠵᠤ᠂ ᠠᠶᠢᠮᠠᠭ ᠬᠤᠲᠠ ᠶᠢᠨ ᠨᠠᠮ ᠤᠨ ᠬᠤᠷᠢᠶ᠎ᠠ ᠨᠢ ᠲᠤᠰᠬᠠᠢ ᠪᠠᠶᠢᠭᠤᠯᠤᠮᠵᠢ ᠶᠢ ᠲᠣᠳᠣᠷᠬᠠᠶᠢᠯᠠᠵᠤ | ᠪᠣᠳᠠᠲᠠᠢ ᠪᠠᠷ ᠠᠬᠢᠭᠤᠯᠤᠨ ᠨᠠᠶᠢᠳᠠᠪᠦᠷᠢᠵᠢᠭᠤᠯᠤᠨ᠎ᠠ᠃ | ᠭᠤᠷᠪᠠ᠂ ᠨᠡᠩ ᠶᠡᠭᠡ ᠡᠷᠴᠢᠮ ᠢᠶᠠᠷ ᠴᠢᠳᠠᠪᠤᠷᠢᠲᠠᠨ ᠢ ᠲᠠᠳᠠᠨ ᠣᠷᠣᠭᠤᠯᠵᠤ ᠴᠢᠳᠠᠪᠤᠷᠢᠲᠠᠨ ᠢ | ᠬᠥᠮᠥᠵᠢᠭᠦᠯᠵᠦ ᠴᠢᠳᠠᠪᠤᠷᠢᠲᠠᠨ ᠢ ᠴᠤᠭᠯᠠᠷᠠᠭᠤᠯᠤᠨ᠎ᠠ | 9᠂ ᠨᠢᠭᠡ ᠪᠦᠯᠦᠭ ᠳᠠᠭᠠᠭᠤᠯᠤᠭᠴᠢ ᠴᠢᠳᠠᠪᠤᠷᠢᠲᠠᠨ ᠪᠠ ᠪᠦᠯᠬᠦᠮ ᠢ ᠣᠷᠣᠭᠤᠯᠤᠨ ᠠᠪᠴᠢᠷᠠᠨ᠎ᠠ᠃ | ᠤᠯᠤᠰ ᠤᠨ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠲᠥᠪ ᠪᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠠᠮ ᠵᠠᠰᠠᠭ ᠤᠨ ᠪᠠᠶᠢᠭᠤᠯᠭ᠎ᠠ ᠶᠢᠨ ᠲᠤᠰᠬᠠᠢ ᠮᠡᠷᠭᠡᠵᠢᠯ ᠤᠨ | ᠰᠠᠯᠠᠭ᠎ᠠ ᠮᠥᠴᠢᠷ ᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠭᠠᠷᠭᠠᠵᠤ᠂ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠵᠢᠴᠢ ᠪᠦᠯᠬᠦᠮ ᠨᠡᠶᠢᠲᠡ ᠶᠢ ᠮᠠᠨ ᠤ ᠣᠷᠣᠨ ᠳᠤ ᠣᠷᠣᠭᠤᠯᠤᠨ ᠠᠪᠴᠢᠷᠠᠵᠤ ᠠᠵᠢᠯᠯᠠᠭᠤᠯᠤᠨ᠂ | ᠣᠷᠣᠭᠤᠯᠤᠨ ᠠᠪᠴᠢᠷᠠᠭᠰᠠᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠪᠠᠴᠢᠮ | ᠱᠠᠭᠠᠷᠳᠠᠭᠳᠠᠵᠤ ᠪᠠᠶᠢᠭ᠎ᠠ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠶᠣᠰᠣᠭᠠᠷ ᠲᠥᠷᠥᠯ ᠬᠤᠪᠢᠶᠠᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠪᠠ | ᠠᠮᠢᠳᠤᠷᠠᠯ ᠤᠨ ᠨᠥᠬᠦᠪᠦᠷᠢ ᠣᠯᠭᠤᠨ᠎ᠠ᠃ | 10᠂ ᠨᠢᠭᠡ ᠪᠦᠯᠦᠭ ᠰᠢᠯᠢᠳᠡᠭ ᠵᠠᠯᠠᠭᠤ ᠴᠢᠳᠠᠪᠤᠷᠢᠲᠠᠨ ᠢ ᠣᠷᠣᠭᠤᠯᠵᠤ ᠠᠪᠴᠢᠷᠠᠨ᠎ᠠ᠃ ︽ᠰᠠᠭᠠᠳ ᠦᠭᠡᠢ | ᠨᠡᠪᠲᠡᠷᠡᠬᠦ ᠵᠠᠮ︾ ᠤᠨ ᠴᠢᠳᠠᠪᠤᠷᠢᠲᠠᠨ ᠲᠠᠲᠠᠬᠤ ᠳᠤ ᠲᠥᠬᠦᠮ ᠦᠵᠡᠭᠦᠯᠬᠦ ᠳᠠᠪᠠᠭᠤᠯᠢᠭ ᠢ ᠪᠠᠳᠠᠷᠠᠭᠤᠯᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠳ᠋ᠣᠺᠲ᠋ᠣᠷᠠᠨᠲ ᠢ 1000 ᠬᠥᠮᠥᠨ ᠠᠴᠠ ᠳᠡᠭᠡᠭᠰᠢ | ᠣᠷᠣᠭᠤᠯᠤᠨ ᠠᠪᠴᠢᠷᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠳ᠋ᠣᠺᠲ᠋ᠣᠷ ᠢ ᠲᠡᠳᠡᠨ | ᠠᠪᠴᠢᠷᠠᠵᠤ ᠮᠠᠨ ᠤ ᠣᠷᠣᠨ ᠳᠤ ᠫᠤᠰᠲ ᠳ᠋ᠣᠺᠲ᠋ᠣᠷ ᠤᠨ ᠰᠤᠳᠤᠯᠭᠠᠨ ᠢ ᠥᠷᠨᠢᠭᠦᠯᠵᠦ᠂ ᠰᠢᠨ᠎ᠡ ᠪᠠᠷ ᠥᠷᠲᠡᠭᠡᠨ ᠳᠤ | ᠣᠷᠣᠭᠰᠠᠨ ᠫᠤᠰᠲ ᠳ᠋ᠣᠺᠲ᠋ᠣᠷ ᠲᠤ 2 ᠵᠢᠯ ᠤᠨ ᠬᠤᠭᠤᠴᠠᠭ᠎ᠠ ᠲᠠᠢ᠂ ᠬᠥᠮᠥᠨ ᠪᠦᠷᠢ ᠳᠤ ᠵᠢᠯ ᠳᠤ 10 ᠲᠦᠮᠡᠨ | ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠨ᠎ᠠ︔ ᠥᠷᠲᠡᠭᠡᠨ ᠠᠴᠠ ᠭᠠᠷᠤᠭᠰᠠᠨ ᠤ ᠳᠠᠷᠠᠭ᠎ᠠ ᠮᠠᠨ ᠤ | ᠣᠷᠣᠨ ᠳᠤ ᠦᠯᠡᠳᠡᠵᠦ ᠠᠵᠢᠯᠯᠠᠭᠰᠠᠨ ᠪᠠᠶᠢᠪᠠᠯ᠂ ᠨᠢᠭᠡ ᠤᠳᠠᠭ᠎ᠠ ᠳᠤ 30 ᠲᠦᠮᠡᠨ ᠲᠥᠭᠦᠷᠢᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ | 11᠂ ᠨᠢᠭᠡ ᠪᠦᠯᠦᠭ ᠰᠢᠯᠢᠳᠡᠭ ᠢᠨᠵᠧᠨᠧᠷ ᠢ ᠣᠷᠣᠭᠤᠯᠵᠤ ᠢᠷᠡᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠢᠳᠠᠪᠤᠷᠢ ᠶᠢᠨ ᠲᠣᠮᠣ ᠱᠠᠩᠨᠠᠯ︾ ᠢ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠮᠡᠷᠭᠡᠵᠢᠯ ᠤᠨ ᠴᠢᠳᠠᠪᠤᠷᠢ ᠶᠢᠨ ᠲᠣᠮᠣ ᠱᠠᠩᠨᠠᠯ ᠬᠦᠷᠲᠡᠭᠴᠢ ᠪᠠ ᠪᠥᠬᠦ ᠣᠷᠣᠨ ᠤ ᠮᠡᠷᠭᠡᠵᠢᠯ ᠤᠨ | ᠴᠢᠳᠠᠪᠤᠷᠢᠲᠠᠨ ᠳᠤ ᠲᠣᠰ ᠲᠣᠰ 5 ᠲᠦᠮᠡᠨ ᠲᠥᠭᠦᠷᠢᠭ ᠪᠠ 2 ᠲᠦᠮᠡᠨ ᠲᠥᠭᠦᠷᠢᠭ ᠤᠨ ᠪᠡᠯᠡ ᠮᠥᠩᠭᠦ ᠶᠢᠨ | ᠳᠡᠮᠵᠢᠯᠭᠡ ᠣᠯᠭᠤᠵᠤ᠂ ᠣᠷᠣᠨ ᠤ ᠳᠣᠲᠣᠷᠠᠬᠢ ᠮᠡᠷᠭᠡᠵᠢᠯ ᠤᠨ ᠴᠢᠳᠠᠪᠤᠷᠢ ᠶᠢᠨ ᠲᠣᠮᠣ ᠱᠠᠩᠨᠠᠯ ᠪᠠ ᠪᠥᠬᠦ | ᠤᠯᠤᠰ ᠤᠨ ᠮᠡᠷᠭᠡᠵᠢᠯ ᠤᠨ ᠴᠢᠳᠠᠪᠤᠷᠢᠲᠠᠨ ᠢᠶᠠᠷ ᠰᠢᠯᠭᠠᠷᠠᠭᠤᠯᠤᠭᠳᠠᠭᠰᠠᠳ ᠲᠤ ᠲᠣᠰ ᠲᠣᠰ 10 ᠲᠦᠮᠡᠨ | ᠲᠥᠭᠦᠷᠢᠭ ᠪᠠ 5 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ | 12᠂ ᠨᠢᠭᠡ ᠪᠦᠯᠦᠭ ᠣᠷᠣᠨ ᠨᠤᠲᠤᠭ ᠤᠨ ᠳᠡᠭᠡᠳᠦ ᠲᠠᠰ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ ︽ | ᠬᠤᠶᠠᠷ ᠬᠦᠷᠢᠶᠡᠯᠡᠩ︾ ᠤᠨ ᠠᠺᠠᠳᠧᠮᠢᠴᠢ᠂ ︽ᠴᠠᠩᠵᠢᠶᠠᠩ ᠡᠷᠳᠡᠮᠲᠡᠨ︾ ᠤ ᠣᠨᠴᠠ ᠤᠷᠢᠭᠰᠠᠨ ᠫᠷᠤᠹᠧᠰᠰᠤᠷ᠂ | ᠤᠯᠤᠰ ᠤᠨ ᠰᠢᠯᠭᠠᠷᠠᠭᠰᠠᠨ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠥᠷᠥᠯ ᠵᠦᠢᠯ | ᠵᠡᠷᠭᠡ ᠤᠯᠤᠰ ᠤᠨ ᠴᠢᠬᠤᠯᠠ ᠶᠡᠭᠡ ᠴᠢᠳᠠᠪᠤᠷᠢᠲᠠᠨ ᠤ ᠲᠥᠯᠥᠪᠯᠡᠭᠡ ᠳᠤ ᠣᠷᠣᠯᠴᠠᠬᠤ ᠳᠠᠯᠳᠠ ᠬᠦᠴᠦᠨ ᠲᠠᠢ | ᠵᠢᠱᠢᠭᠳᠡᠭᠴᠢ ᠶᠢ ︽ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ︾ ᠪᠠᠷ ᠦᠷᠭᠦᠯᠵᠢᠯᠡᠨ ᠮᠥᠷᠳᠡᠨ ᠬᠥᠮᠥᠵᠢᠭᠦᠯᠵᠦ᠂ | ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠰᠠᠭᠤᠷᠢ ᠮᠥᠩᠭᠦ ᠪᠠ ᠨᠡᠶᠢᠭᠡᠮ ᠤᠨ ᠰᠢᠨᠵᠢᠯᠡᠬᠦ ᠤᠬᠠᠭᠠᠨ ᠤ ᠲᠥᠯᠦᠪᠵᠢᠭᠦᠯᠭᠡ ᠶᠢᠨ ᠲᠥᠷᠥᠯ | ᠵᠦᠢᠯ ᠳᠤ ᠵᠢᠯ ᠪᠦᠷᠢ ᠲᠣᠰ ᠲᠣᠰ 40% ᠪᠠ 30% ᠠᠴᠠ ᠳᠣᠣᠷ᠎ᠠ ᠦᠭᠡᠢ ᠲᠥᠷᠥᠯ ᠵᠦᠢᠯ ᠢ ᠲᠣᠬᠢᠷᠠᠭᠤᠯᠵᠤ᠂ | 40 ᠨᠠᠰᠤᠨ ᠠᠴᠠ ᠳᠣᠷᠣᠭᠰᠢᠬᠢ ᠵᠠᠯᠠᠭᠤ ᠣᠷᠣᠶᠢᠯᠠᠭᠰᠠᠨ ᠴᠢᠳᠠᠪᠤᠷᠢᠲᠠᠨ ᠢ ᠳᠡᠮᠵᠢᠬᠦ ᠳᠤ ᠬᠡᠷᠡᠭᠯᠡᠨ᠎ᠡ᠃ | ᠤᠯᠤᠰ ᠤᠨ ᠭᠤᠣᠯᠳᠠᠯᠭ᠎ᠠ ᠲᠠᠢ ᠴᠢᠳᠠᠪᠤᠷᠢᠲᠠᠨ ᠤ ᠲᠥᠯᠥᠪᠯᠡᠭᠡ ᠳᠤ ᠰᠣᠩᠭᠤᠭᠳᠠᠭᠰᠠᠨ ᠪᠠᠶᠢᠪᠠᠯ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠠᠴᠠ ᠤᠯᠤᠰ ᠤᠨ ᠵᠣᠭᠤᠰ ᠢᠶᠠᠷ ᠲᠤᠰᠠᠯᠠᠬᠤ ᠪᠠᠷᠢᠮᠵᠢᠶ᠎ᠠ ᠶᠣᠰᠣᠭᠠᠷ 1:1 ᠶᠢᠨ | ᠢᠵᠢ ᠪᠦᠷᠢᠳᠦᠭᠦᠯᠬᠦ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ | 13᠂ ᠨᠢᠭᠡ ᠪᠦᠯᠦᠭ ᠦᠨᠳᠦᠰᠦᠨ ᠱᠠᠲᠤᠨ ᠤ ᠬᠡᠷᠡᠭᠯᠡᠭᠡᠨ ᠤ ᠴᠢᠳᠠᠪᠤᠷᠢᠲᠠᠨ ᠢ ᠬᠥᠮᠥᠵᠢᠭᠦᠯᠦᠨ᠎ᠡ᠃ ᠵᠢᠯ | ᠪᠦᠷᠢ 100 ᠨᠡᠷᠡᠰ ᠦᠨᠳᠦᠰᠦᠨ ᠱᠠᠲᠤᠨ ᠤ ᠰᠢᠯᠢᠳᠡᠭ ᠴᠢᠳᠠᠪᠤᠷᠢᠲᠠᠨ ᠢ ᠰᠢᠯᠢᠨ ᠰᠣᠩᠭᠤᠵᠤ ᠵᠡᠭᠦᠨ ᠬᠡᠰᠡᠭ ᠤᠨ | ᠬᠥᠭᠵᠢᠭᠰᠡᠨ ᠭᠠᠵᠠᠷ ᠣᠷᠣᠨ ᠳᠤ ᠣᠴᠢᠭᠤᠯᠤᠨ ᠰᠤᠳᠤᠯᠤᠨ ᠰᠤᠷᠤᠯᠴᠠᠭᠤᠯᠵᠤ ᠪᠣᠯᠪᠠᠰᠤᠷᠠᠭᠤᠯᠤᠨ᠎ᠠ᠂ ᠵᠢᠯ ᠪᠦᠷᠢ | 100 ᠨᠡᠷᠡᠰ ᠦᠨᠳᠦᠰᠦᠨ ᠱᠠᠲᠤᠨ ᠤ ᠴᠢᠳᠠᠪᠤᠷᠢᠲᠠᠨ ᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠤ | ᠳᠡᠭᠡᠳᠦ ᠰᠤᠷᠭᠠᠭᠤᠯᠢ᠂ ᠠᠵᠤ ᠠᠬᠤᠶᠢᠯᠠᠯ᠂ ᠡᠮᠴᠢᠯᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠲᠤ ᠣᠴᠢᠭᠤᠯᠤᠨ ᠰᠤᠷᠪᠤᠯᠵᠢᠯᠠᠨ ᠰᠤᠷᠤᠯᠴᠠᠭᠤᠯᠵᠤ ᠳᠠᠪᠲᠠᠨ ᠪᠣᠯᠪᠠᠰᠤᠷᠠᠭᠤᠯᠵᠤ᠂ ᠠᠩᠭᠢ | ᠳᠠᠭᠠᠵᠤ ᠰᠤᠷᠤᠯᠴᠠᠭᠤᠯᠤᠨ᠎ᠠ᠃ ︽ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠳᠠᠭᠠᠭᠤᠯᠤᠭᠴᠢ ᠶᠢ | ᠪᠣᠯᠪᠠᠰᠤᠷᠠᠭᠤᠯᠬᠤ︾ ᠲᠥᠯᠥᠪᠯᠡᠭᠡ ᠶᠢ ᠬᠡᠷᠡᠭᠵᠢᠭᠦᠯᠵᠦ᠂ ᠵᠢᠯ ᠪᠦᠷᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ ᠶᠢ 1000 ᠬᠥᠮᠥᠨ ᠬᠥᠮᠥᠵᠢᠭᠦᠯᠵᠦ᠂ | ᠬᠡᠷᠡᠭᠯᠡᠭᠡᠨ ᠤ ᠴᠢᠳᠠᠪᠤᠷᠢᠲᠠᠨ ᠢ 1 ᠲᠦᠮᠡᠨ ᠬᠥᠮᠥᠨ ᠬᠥᠮᠥᠵᠢᠭᠦᠯᠦᠨ᠎ᠡ᠃ | 14᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠤᠰᠬᠠᠢ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ᠎ᠡ᠃ ᠤᠬᠠᠭᠤᠯᠭ᠎ᠠ ᠶᠢᠨ ᠬᠦᠷᠢᠶᠡᠨ ᠤ ᠴᠢᠳᠠᠪᠤᠷᠢᠲᠠᠨ᠂ ᠭᠦᠨ | ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠳᠠᠪᠤᠷᠢᠲᠠᠨ᠂ ᠰᠣᠶᠣᠯ ᠤᠷᠠᠯᠢᠭ ᠤᠨ ᠴᠢᠳᠠᠪᠤᠷᠢᠲᠠᠨ᠂ ᠠᠵᠤ | ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ᠂ | ᠮᠥᠩᠭᠦᠨ ᠭᠦᠢᠯᠭᠡᠭᠡᠨ ᠤ ᠴᠢᠳᠠᠪᠤᠷᠢᠲᠠᠨ᠂ ᠬᠠᠤᠯᠢ ᠪᠠᠷ ᠵᠠᠰᠠᠬᠤ ᠴᠢᠳᠠᠪᠤᠷᠢᠲᠠᠨ᠂ ᠨᠡᠶᠢᠭᠡᠮ ᠤᠨ ᠠᠵᠢᠯᠲᠠᠨ ᠤ | ᠴᠢᠳᠠᠪᠤᠷᠢᠲᠠᠨ ᠵᠢᠴᠢ ᠳᠠᠪᠠᠭᠤᠯᠢᠭ ᠣᠨᠴᠠᠯᠢᠭᠲᠤ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠵᠡᠷᠭᠡ | ᠬᠦᠷᠢᠶᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ ᠰᠠᠶᠢᠲᠤᠷ ᠠᠳᠬᠤᠨ᠎ᠠ᠃ | ᠤᠳᠤ ᠶᠢᠨ ᠪᠠᠶᠢᠭ᠎ᠠ ᠴᠢᠳᠠᠪᠤᠷᠢᠲᠠᠨ ᠤ ᠲᠥᠯᠥᠪᠯᠡᠭᠡ ᠶᠢᠨ ᠭᠤᠣᠯᠳᠠᠯᠭ᠎ᠠ ᠲᠠᠢ ᠬᠦᠷᠢᠶᠡᠨ ᠤ ᠰᠢᠯᠢᠳᠡᠭ | ᠴᠢᠳᠠᠪᠤᠷᠢᠲᠠᠨ ᠢ ᠳᠡᠮᠵᠢᠬᠦ ᠡᠷᠴᠢᠮ ᠢ ᠴᠢᠩᠭᠠᠷᠠᠭᠤᠯᠵᠤ᠂ ᠴᠢᠳᠠᠪᠤᠷᠢᠲᠠᠨ ᠢ ᠲᠤᠰᠬᠠᠢ ᠵᠦᠢᠯ ᠢᠶᠠᠷ ᠲᠠᠳᠠᠨ | ᠬᠥᠮᠥᠵᠢᠭᠦᠯᠬᠦ ᠲᠥᠯᠥᠪᠯᠡᠭᠡ ᠶᠢ ᠨᠡᠮᠡᠨ ᠪᠠᠶᠢᠭᠤᠯᠵᠤ ᠳᠡᠮᠵᠢᠯᠭᠡ ᠦᠵᠡᠭᠦᠯᠦᠨ᠎ᠡ᠃ | 15᠂ ᠴᠢᠳᠠᠪᠤᠷᠢᠲᠠᠨ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠥᠪᠥᠷ | ᠮᠣᠩᠭᠤᠯ ᠨᠤᠲᠤᠭ ᠲᠠᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠢᠳᠡᠪᠬᠢᠲᠡᠢ ᠪᠠᠷ ᠣᠷᠣᠭᠤᠯᠤᠨ ᠨᠤᠲᠤᠭ | ᠲᠤᠨᠢ ᠬᠠᠷᠢᠭᠤᠯᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠤᠯᠵᠤ᠂ ᠲᠥᠷᠥᠯ ᠵᠦᠢᠯ ᠤᠨ ᠶᠠᠰᠤ ᠴᠢᠨᠠᠷ ᠪᠠ | ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠢ ᠦᠨᠳᠦᠰᠦᠯᠡᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ | ᠨᠥᠬᠦᠴᠡᠯ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠣᠷᠣᠨ ᠤ ᠭᠠᠳᠠᠨ᠎ᠠ ᠣᠴᠢᠵᠤ ︽ | ᠴᠢᠳᠠᠪᠤᠷᠢᠲᠠᠨ ᠤ ᠭᠠᠵᠠᠷ︾ ᠪᠠᠶᠢᠭᠤᠯᠬᠤ ᠶᠢ ᠵᠣᠷᠢᠭᠵᠢᠭᠤᠯᠵᠤ᠂ ᠲᠤᠬᠠᠢ ᠶᠢᠨ ᠭᠠᠵᠠᠷ ᠤᠨ ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ᠢ ᠲᠡᠳᠡᠨ ᠬᠡᠷᠡᠭᠯᠡᠵᠦ᠂ ᠲᠡᠳᠡᠨ ᠤ ᠪᠦᠷᠢᠨ ᠲᠤᠰᠢᠶᠠᠯ ᠲᠠᠢ ᠤᠷᠢᠨ ᠬᠡᠷᠡᠭᠯᠡᠬᠦ | ᠬᠥᠮᠥᠰ ᠢ ᠣᠷᠣᠨ ᠤ ᠳᠣᠲᠣᠷ᠎ᠠ ᠠᠵᠢᠯᠯᠠᠭᠰᠠᠨ ᠢᠶᠠᠷ ᠦᠵᠡᠵᠦ᠂ ᠮᠠᠨ ᠤ ᠣᠷᠣᠨ ᠤ ᠴᠢᠳᠠᠪᠤᠷᠢᠲᠠᠨ ᠤ ᠲᠥᠷᠥ ᠶᠢᠨ | ᠪᠣᠳᠣᠯᠭ᠎ᠠ ᠶᠢ ᠬᠦᠷᠲᠡᠭᠡᠨ᠎ᠡ᠃ | 16᠂ ᠴᠢᠳᠠᠪᠤᠷᠢᠲᠠᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ | ᠰᠤᠷᠭᠠᠭᠤᠯᠢ ᠶᠢᠨ ᠴᠢᠳᠠᠪᠤᠷᠢᠲᠠᠨ ᠬᠥᠮᠥᠵᠢᠭᠦᠯᠬᠦ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ | ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠰᠢᠨᠵᠢᠯᠡᠭᠡᠨ ᠤ | ᠲᠤᠰᠬᠠᠢ ᠮᠡᠷᠭᠡᠵᠢᠯ ᠪᠠ ᠴᠢᠳᠠᠪᠤᠷᠢᠲᠠᠨ ᠬᠥᠮᠥᠵᠢᠭᠦᠯᠬᠦ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠮᠥᠨ ᠬᠥᠮᠥᠵᠢᠭᠦᠯᠬᠦ ᠶᠢ ᠭᠦᠨᠵᠡᠭᠡᠶᠢᠷᠡᠭᠦᠯᠦᠨ᠎ᠡ᠃ ︽ | ᠬᠤᠤᠰ ᠥᠨᠳᠥᠷ︾ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠳᠤᠮᠳᠠ ᠵᠡᠷᠭᠡ ᠶᠢᠨ ᠠᠵᠢᠯ | ᠮᠡᠷᠭᠡᠵᠢᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ᠂ ᠠᠵᠢᠯ ᠮᠡᠷᠭᠡᠵᠢᠯ ᠤᠨ ᠵᠢᠩᠬᠢᠨᠢ ᠠᠩᠭᠢ ᠵᠡᠷᠭᠡ ᠣᠯᠠᠨ ᠲᠠᠰ | ᠳᠠᠪᠬᠤᠷᠭ᠎ᠠ ᠪᠠᠷ ᠵᠣᠯᠭᠠᠭᠤᠯᠤᠨ ᠬᠥᠮᠥᠵᠢᠭᠦᠯᠬᠦ ᠵᠠᠭᠪᠤᠷ ᠢ ᠲᠦᠷᠭᠡᠳᠬᠡᠨ ᠪᠠᠶᠢᠭᠤᠯᠤᠨ᠎ᠠ᠃ ᠦᠢᠯᠡᠳᠪᠦᠷᠢᠯᠡᠯ ᠪᠠ | ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ︽ᠵᠠᠬᠢᠶᠠᠯᠠᠭ᠎ᠠ ᠶᠢᠨ ᠮᠠᠶ᠋ᠢᠭ︾ ᠤᠨ ᠬᠥᠮᠥᠵᠢᠭᠦᠯᠦᠯ ᠪᠠ ᠰᠢᠨ᠎ᠡ ᠮᠠᠶ᠋ᠢᠭ ᠤᠨ ᠱᠠᠪᠢ ᠣᠷᠣᠬᠤ | ᠳᠦᠷᠢᠮ ᠢ ᠳᠡᠯᠭᠡᠷᠡᠭᠦᠯᠵᠦ᠂ ᠬᠤᠪᠣᠷ ᠴᠤᠬᠠᠭ ᠠᠵᠢᠯ ᠲᠦᠷᠦᠯ ᠤᠨ ᠬᠠᠨᠳᠤᠯᠭ᠎ᠠ ᠲᠠᠢ ᠪᠠᠷ ᠬᠥᠮᠥᠵᠢᠭᠦᠯᠬᠦ | ᠬᠠᠮᠲᠤᠷᠠᠯᠴᠠᠭ᠎ᠠ ᠶᠢ ᠥᠷᠨᠢᠭᠦᠯᠦᠨ᠎ᠡ᠃ | ᠳᠥᠷᠪᠡ᠂ ᠴᠢᠳᠠᠪᠤᠷᠢᠲᠠᠨ ᠤ ᠬᠥᠭᠵᠢᠯᠲᠡ ᠶᠢᠨ ᠲᠤᠯᠭᠠᠭᠤᠷᠢᠯᠠᠬᠤ ᠲᠠᠪᠴᠠᠩ ᠢ ᠪᠠᠶᠢᠭᠤᠯᠤᠨ᠎ᠠ | 17᠂ ᠥᠨᠳᠥᠷ ᠲᠦᠪᠰᠢᠨ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ | ᠨᠠᠶᠢᠳᠠᠪᠤᠷᠢᠵᠢᠭᠤᠯᠤᠨ ᠪᠠᠶᠢᠷᠢᠰᠢᠭᠤᠯᠬᠤ ᠶᠢ ᠠᠬᠢᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠳᠤ 10 ᠠᠴᠠ ᠳᠡᠭᠡᠭᠰᠢ ᠤᠯᠤᠰ ᠤᠨ ᠲᠠᠰ ᠤᠨ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠢᠨᠵᠧᠨᠧᠷᠢᠩ ᠤᠨ ᠰᠤᠳᠤᠯᠭᠠᠨ ᠤ ᠲᠥᠪ᠂ | ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠵᠡᠷᠭᠡ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠢ | ᠪᠠᠶᠢᠭᠤᠯᠬᠤ ᠪᠠᠷ ᠴᠢᠷᠮᠠᠶᠢᠵᠤ᠂ ᠲᠡᠭᠦᠨ ᠤ ᠬᠥᠲᠥᠯᠥᠭᠴᠢ ᠵᠢᠴᠢ ᠲᠡᠭᠦᠨ ᠤ ᠪᠦᠯᠬᠦᠮ ᠨᠡᠶᠢᠲᠡ ᠳᠤ ᠬᠠᠮᠤᠭ | ᠥᠨᠳᠥᠷ ᠲᠡᠭᠡᠨ 500 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ | ᠲᠥᠪ᠂ ᠢᠨᠵᠧᠨᠧᠷᠢᠩ ᠤᠨ ᠰᠤᠳᠤᠯᠭᠠᠨ ᠤ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠦᠨᠡᠯᠡᠨ ᠵᠢᠱᠢᠭᠰᠡᠨ ᠵᠡᠷᠭᠡ ᠨᠢ ᠰᠢᠯᠢᠳᠡᠭ ᠪᠠᠶᠢᠪᠠᠯ᠂ ᠲᠡᠭᠦᠨ ᠤ ᠬᠥᠲᠥᠯᠥᠭᠴᠢ ᠵᠢᠴᠢ ᠲᠡᠭᠦᠨ ᠤ | ᠪᠦᠯᠬᠦᠮ ᠨᠡᠶᠢᠲᠡ ᠳᠤ ᠬᠠᠮᠤᠭ ᠥᠨᠳᠥᠷ ᠲᠡᠭᠡᠨ 50 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠶᠢ | ᠨᠢᠭᠡ ᠤᠳᠠᠭ᠎ᠠ ᠶᠢᠨ ᠴᠢᠨᠠᠷᠲᠠᠢ ᠪᠠᠷ ᠣᠯᠭᠤᠨ᠎ᠠ᠃ ᠠᠺᠠᠳᠧᠮᠢᠴᠢ ︵ᠲᠤᠰᠬᠠᠢ ᠮᠡᠷᠭᠡᠵᠢᠯᠲᠡᠨ︶ ᠶᠢᠨ ᠠᠵᠢᠯ ᠤᠨ | ᠥᠷᠲᠡᠭᠡ᠂ ᠫᠤᠰᠲ ᠳ᠋ᠣᠺᠲ᠋ᠣᠷ ᠤᠨ ᠠᠵᠢᠯ ᠤᠨ ᠥᠷᠲᠡᠭᠡ ︵ᠨᠡᠭᠦᠳᠡᠯ ᠥᠷᠲᠡᠭᠡ︶ ᠪᠠ ᠫᠤᠰᠲ ᠳ᠋ᠣᠺᠲ᠋ᠣᠷ ᠤᠨ | ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠭᠰᠠᠨ ᠨᠢᠭᠡᠴᠡ ᠳᠤ ᠲᠣᠰ ᠲᠣᠰ | 100 ᠲᠦᠮᠡᠨ ᠲᠥᠭᠦᠷᠢᠭ᠂ 30 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠪᠡᠯᠡ ᠮᠥᠩᠭᠦ ᠶᠢᠨ | ᠳᠡᠮᠵᠢᠯᠭᠡ ᠦᠵᠡᠭᠦᠯᠦᠨ᠎ᠡ᠃ | 18᠂ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠤᠨ ᠬᠥᠭᠵᠢᠯᠲᠡ ᠶᠢ ᠠᠬᠢᠭᠤᠯᠤᠨ᠎ᠠ᠃ ᠠᠵᠤ | ᠦᠢᠯᠡᠰ ᠤᠨ ᠬᠦᠷᠢᠶᠡᠯᠡᠩ ᠲᠣᠭᠤᠷᠢᠭ᠂ ᠠᠵᠢᠯ ᠲᠥᠷᠥᠯ ᠤᠨ ᠬᠥᠲᠥᠴᠢ ᠨᠢᠷᠤᠭᠤᠪᠴᠢ ᠠᠵᠤ ᠠᠬᠤᠶᠢᠯᠠᠯ᠂ ᠠᠵᠢᠯ | ᠲᠥᠷᠥᠯ ᠤᠨ ᠵᠣᠬᠢᠶᠠᠨ ᠪᠠᠶᠢᠭᠤᠯᠤᠯᠲᠠ ᠪᠠ ᠳᠡᠭᠡᠳᠦ ᠰᠤᠷᠭᠠᠭᠤᠯᠢ ᠶᠢᠨ ᠣᠯᠠᠨ ᠢᠶᠠᠷ ᠢᠶᠠᠨ ᠰᠢᠨ᠎ᠡ ᠶᠢ ᠡᠭᠦᠳᠬᠦ | ᠣᠷᠣᠨ ᠵᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠪᠠᠭᠠᠵᠢ᠂ ᠵᠢᠵᠢᠭ ᠪᠢᠴᠢᠯ | ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠵᠡᠷᠭᠡ ᠠᠳᠠᠯ ᠦᠢᠯᠡᠰ ᠴᠣᠭᠴᠠᠯᠠᠬᠤ ᠶᠢᠨ | ᠨᠡᠪᠴᠢᠭᠦᠯᠬᠦ ᠲᠠᠪᠴᠠᠩ ᠪᠠᠶᠢᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ | ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠲᠠᠪᠴᠠᠩ ᠳᠤ ᠬᠠᠮᠤᠭ ᠤᠨ ᠥᠨᠳᠥᠷ ᠲᠡᠭᠡᠨ 100 ᠲᠦᠮᠡᠨ | ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ | 19᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ | ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠎ᠠ᠃ ᠠᠵᠤ ᠠᠬᠤᠶᠢᠯᠠᠯ ᠨᠢ ᠳᠡᠳ᠋ ᠮᠤᠵᠢ ᠶᠢᠨ ᠱᠠᠲᠤᠨ ᠤ | ᠬᠤᠲᠠ ᠠᠴᠠ ᠳᠡᠭᠡᠭᠰᠢᠬᠢ ᠴᠢᠳᠠᠪᠤᠷᠢᠲᠠᠨ ᠤ ᠲᠥᠯᠥᠪᠯᠡᠭᠡ ᠪᠠᠷ ᠰᠣᠩᠭᠤᠭᠳᠠᠭᠰᠠᠳ ᠢ ᠪᠦᠷᠢᠨ ᠲᠤᠰᠢᠶᠠᠯ ᠲᠠᠢ ᠪᠤᠶᠤ | ᠤᠶᠠᠨ ᠬᠠᠲᠠᠨ ᠴᠢᠨᠠᠷᠲᠠᠢ ᠪᠠᠷ ᠣᠷᠣᠭᠤᠯᠤᠨ ᠠᠪᠴᠢᠷᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠠᠴᠠ | ᠪᠣᠳᠠᠲᠠᠢ ᠣᠯᠭᠤᠭᠰᠠᠨ ᠴᠢᠳᠠᠪᠤᠷᠢᠲᠠᠨ ᠤ ᠬᠥᠯᠥᠰᠦ ᠣᠯᠭᠤᠮᠵᠢ ᠶᠢᠨ 30% ᠪᠠᠷ ᠨᠥᠬᠦᠪᠦᠷᠢ ᠣᠯᠭᠤᠵᠤ᠂ ᠬᠥᠮᠥᠨ | ᠪᠦᠷᠢ ᠳᠤ ᠵᠢᠯ ᠳᠤ ᠬᠠᠮᠤᠭ ᠥᠨᠳᠥᠷ ᠲᠡᠭᠡᠨ ᠲᠣᠰ ᠲᠣᠰ 20 ᠲᠦᠮᠡᠨ ᠲᠥᠭᠦᠷᠢᠭ᠂ 6 ᠲᠦᠮᠡᠨ ᠲᠥᠭᠦᠷᠢᠭ ᠠᠴᠠ | ᠬᠡᠲᠦᠷᠡᠭᠦᠯᠵᠦ ᠪᠣᠯᠬᠤ ᠦᠭᠡᠢ᠃ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠪᠠ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ | ᠯᠤᠭ᠎ᠠ ᠠᠳᠠᠯᠢ ᠳᠠᠭᠠᠭᠤᠯᠤᠭᠴᠢ ᠴᠢᠳᠠᠪᠤᠷᠢᠲᠠᠨ ᠢᠶᠠᠷ ᠤᠳᠤᠷᠢᠳᠤᠭᠤᠯᠤᠭᠰᠠᠨ᠂ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠨᠢ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠲᠡᠷᠢᠭᠦᠨ ᠤ᠂ ᠠᠵᠤ ᠦᠶᠢᠯᠡᠰᠵᠢᠯᠲᠡ ᠶᠢᠨ | ᠬᠡᠲᠦ ᠶᠢᠨ ᠲᠥᠯᠥᠪ ᠢᠶᠠᠷ ᠥᠷᠭᠡᠨ ᠠᠭᠤᠳᠠᠮ ᠲᠥᠷᠥᠯ ᠵᠦᠢᠯ ᠳᠤ᠂ ᠬᠠᠮᠤᠭ ᠤᠨ ᠥᠨᠳᠥᠷ ᠲᠡᠭᠡᠨ ᠰᠤᠳᠤᠯᠤᠨ | ᠨᠡᠭᠡᠭᠡᠬᠦ ᠣᠷᠣᠭᠤᠯᠤᠯᠲᠠ ᠶᠢᠨ 15% ᠶᠢᠨ ᠬᠠᠷᠢᠴᠠᠯ ᠢᠶᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ ᠪᠣᠯᠣᠨ᠎ᠠ᠃ | ᠲᠠᠪᠤ᠂ ᠴᠢᠳᠠᠪᠤᠷᠢᠲᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠳᠠᠰᠢ ᠰᠢᠯᠵᠢᠬᠦ ᠶᠢ ᠠᠬᠢᠭᠤᠯᠤᠨ᠎ᠠ | 20᠂ ᠴᠢᠳᠠᠪᠤᠷᠢᠲᠠᠨ ᠤ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠦᠨ᠎ᠡ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ | ᠵᠠᠯᠠᠭᠤ ᠭᠤᠣᠯᠯᠠᠭᠴᠢ ᠴᠢᠳᠠᠪᠤᠷᠢᠲᠠᠨ ᠤ ︽ᠭᠤᠷᠪᠠ ᠳᠤ ᠦᠢᠯᠡᠴᠢᠯᠡᠬᠦ︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ | ᠰᠠᠭᠤᠷᠢ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠳᠤ ᠳᠡᠪᠰᠢᠭᠦᠯᠬᠦ ᠳᠤ ᠡᠷᠬᠡᠪᠰᠢ 1 | ᠵᠢᠯ ᠠᠴᠠ ᠳᠡᠭᠡᠭᠰᠢ ᠦᠨᠳᠦᠰᠦᠨ ᠱᠠᠲᠤᠨ ᠤ ᠠᠵᠢᠯ ᠤᠨ ᠦᠢᠯᠡᠴᠢᠯᠡᠭᠡᠨ ᠤ ᠥᠩᠭᠡᠷᠡᠯᠲᠡ ᠲᠠᠢ ᠪᠠᠶᠢᠬᠤ ᠬᠡᠷᠡᠭᠲᠡᠢ᠃ | 21᠂ ᠴᠢᠳᠠᠪᠤᠷᠢᠲᠠᠨ ᠢ ᠬᠥᠲᠥᠯᠥᠨ ᠵᠢᠯᠤᠭᠤᠳᠴᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠳ ᠵᠡᠷᠭᠡ ᠶᠢᠨ ᠮᠠᠯᠴᠢᠨ ᠲᠠᠷᠢᠶᠠᠴᠢᠳ ᠤᠨ ᠬᠤᠷᠰᠢᠶ᠎ᠠ᠂ | ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ | ᠡᠭᠦᠳᠦᠨ ᠡᠷᠭᠢᠯᠡᠵᠦ ᠳᠠᠭᠠᠭᠤᠯᠤᠨ ᠡᠷᠭᠢᠯᠡᠬᠦ ᠶᠢ ᠵᠣᠷᠢᠭᠵᠢᠭᠤᠯᠵᠤ᠂ ᠠᠩᠬ᠎ᠠ ᠤᠳᠠᠭ᠎ᠠ ᠠᠳᠠᠯ ᠦᠢᠯᠡᠰ | ᠴᠣᠭᠴᠠᠯᠠᠭᠰᠠᠨ ᠪᠥᠭᠡᠳ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠳᠤ ᠨᠢᠭᠡ ᠤᠳᠠᠭ᠎ᠠ ᠶᠢᠨ ᠴᠢᠨᠠᠷᠲᠠᠢ ᠪᠠᠷ 3 | ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠲᠣᠭᠲᠠᠭᠠᠯ ᠶᠣᠰᠣᠭᠠᠷ | ᠦᠨᠳᠦᠰᠦᠨ ᠱᠠᠲᠤᠨ ᠳᠤ ᠲᠤᠰᠢᠶᠠᠯ ᠬᠠᠪᠰᠤᠷᠭᠠᠨ ᠴᠠᠯᠢᠩ ᠬᠠᠪᠰᠤᠷᠭᠠᠵᠤ᠂ ᠬᠥᠳᠡᠯᠮᠦᠷᠢᠯᠡᠭᠰᠡᠨ ᠤ ᠬᠢᠨᠢ ᠬᠢᠷᠢ ᠪᠠᠷ | ᠬᠥᠯᠥᠰᠦ ᠣᠯᠭᠤᠮᠵᠢ ᠣᠯᠬᠤ ᠶᠢ ᠵᠥᠪᠰᠢᠶᠡᠷᠡᠨ᠎ᠡ᠃ | 22᠂ ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ | ᠲᠤᠰᠬᠠᠢ ᠮᠡᠷᠭᠡᠵᠢᠯ ᠤᠨ ᠠᠩᠭᠢ ᠠᠴᠠ ᠳᠡᠭᠡᠭᠰᠢᠬᠢ ᠲᠡᠭᠦᠰᠦᠭᠰᠡᠳ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠳᠤ ᠲᠤᠰᠬᠠᠢ ᠮᠡᠷᠭᠡᠵᠢᠯ ᠤᠨ ᠠᠵᠢᠯ ᠬᠢᠵᠦ ᠪᠠᠶᠢᠪᠠᠯ᠂ ᠲᠣᠭᠲᠠᠭᠠᠭᠰᠠᠨ ᠨᠥᠬᠦᠴᠡᠯ ᠤᠨ ᠰᠠᠭᠤᠷᠢᠨ | ᠳᠡᠭᠡᠷ᠎ᠡ ᠵᠣᠬᠢᠬᠤ ᠲᠤᠰᠬᠠᠢ ᠮᠡᠷᠭᠡᠵᠢᠯ ᠤᠨ ᠬᠢᠷᠢ ᠬᠡᠮ ᠢ 1 ᠵᠢᠯ ᠤᠷᠢᠳᠴᠢᠯᠠᠨ ᠮᠠᠭᠠᠳᠯᠠᠨ ᠲᠣᠭᠲᠠᠭᠠᠵᠤ ᠪᠣᠯᠣᠨ᠎ᠠ᠃ | ᠰᠤᠮᠤ ᠰᠢᠶᠠᠩ ᠪᠠᠯᠭᠠᠰᠤ ᠶᠢᠨ ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ | ᠠᠵᠢᠯᠯᠠᠭᠠᠳ ᠪᠦᠬᠦᠯᠢ 2 ᠵᠢᠯ ᠪᠣᠯᠤᠭᠰᠠᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠲᠡᠭᠦᠰᠦᠭᠰᠡᠳ ᠪᠤᠶᠤ | ᠪᠦᠬᠦᠯᠢ 4 ᠵᠢᠯ ᠪᠣᠯᠤᠭᠰᠠᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠶᠢᠨ ᠲᠡᠭᠦᠰᠦᠭᠰᠡᠳ᠂ ᠬᠢᠨᠠᠨ | ᠰᠢᠯᠭᠠᠯᠲᠠ ᠪᠠᠷ ᠳᠡᠮᠵᠢᠨ ᠬᠢᠷᠢ ᠲᠡᠩᠴᠡᠪᠡᠯ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠮᠡᠷᠭᠡᠵᠢᠯ ᠤᠨ | ᠴᠣᠯᠠ ᠶᠢᠨ ᠰᠢᠯᠭᠠᠷᠠᠭᠤᠯᠤᠯᠲᠠ ᠳᠤ ᠰᠢᠭᠤᠳ ᠣᠷᠣᠯᠴᠠᠵᠤ ᠪᠣᠯᠣᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ | ︶ ᠪᠣᠯᠣᠨ ᠰᠤᠮᠤ ᠰᠢᠶᠠᠩ ᠪᠠᠯᠭᠠᠰᠤ ᠶᠢᠨ ᠲᠤᠰᠬᠠᠢ ᠮᠡᠷᠭᠡᠵᠢᠯ ᠤᠨ ᠠᠵᠢᠯᠲᠠᠨ ᠳᠡᠭᠡᠳᠦ ᠵᠡᠷᠭᠡ ᠶᠢᠨ ᠮᠡᠷᠭᠡᠵᠢᠯ ᠤᠨ | ᠴᠣᠯᠠ ᠭᠤᠶᠤᠴᠢᠯᠠᠨ ᠮᠡᠳᠡᠭᠦᠯᠬᠦ ᠳᠤ᠂ ᠰᠢᠯᠭᠠᠷᠠᠭᠤᠯᠬᠤ ᠺᠣᠮᠢᠰ ᠨᠢ ᠪᠣᠳᠠᠲᠤ ᠪᠠᠶᠢᠳᠠᠯ ᠢᠶᠠᠨ ᠦᠨᠳᠦᠰᠦᠯᠡᠨ | ᠲᠤᠰᠠᠭᠠᠷ ᠳᠤᠭᠤᠶᠢᠯᠠᠩ ᠪᠠᠶᠢᠭᠤᠯᠤᠨ ᠬᠢᠨᠠᠨ ᠲᠣᠭᠲᠠᠭᠠᠵᠤ᠂ ᠪᠠᠲᠤᠯᠠᠬᠤ ᠨᠣᠷᠮ᠎ᠠ ᠶᠢ ᠲᠤᠰᠠᠭᠠᠷ ᠲᠣᠭᠲᠠᠭᠠᠨ᠎ᠠ᠃ | 23᠂ ᠦᠨᠳᠦᠰᠦᠨ ᠱᠠᠲᠤᠨ ᠤ ᠴᠢᠳᠠᠪᠤᠷᠢᠲᠠᠨ ᠤ ᠴᠠᠯᠢᠩ ᠣᠯᠭᠤᠮᠵᠢ ᠶᠢ ᠳᠡᠭᠡᠭᠰᠢᠯᠡᠭᠦᠯᠦᠨ᠎ᠡ᠃ ᠬᠠᠲᠠᠭᠤ | ᠪᠡᠷᠬᠡᠰᠢᠶᠡᠯᠲᠡᠢ ᠠᠯᠤᠰ ᠬᠢᠵᠠᠭᠠᠷ ᠭᠠᠵᠠᠷ ᠣᠷᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ | ᠳᠣᠷᠣᠭᠰᠢᠬᠢ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠳᠤ ᠣᠴᠢᠵᠤ ᠠᠵᠢᠯᠯᠠᠭᠰᠠᠨ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠯᠪᠠᠲᠠᠨ ᠰᠢᠨ᠎ᠡ ᠪᠠᠷ ᠡᠯᠰᠡᠭᠳᠡᠭᠰᠡᠨ ᠪᠠᠶᠢᠪᠠᠯ᠂ ᠲᠤᠷᠰᠢᠨ ᠬᠡᠷᠡᠭᠯᠡᠬᠦ | ᠬᠤᠭᠤᠴᠠᠭᠠᠨ ᠤ ᠴᠠᠯᠢᠩ ᠢ ᠰᠢᠭᠤᠳ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭᠠᠬᠢ ᠴᠠᠯᠢᠩ ᠢᠶᠠᠷ | ᠲᠣᠭᠲᠠᠭᠠᠵᠤ᠂ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠲᠠᠰ ᠤᠨ ᠴᠠᠯᠢᠩ ᠤᠨ ᠲᠠᠰ ᠢ ᠥᠨᠳᠥᠷ ᠲᠣᠭᠲᠠᠭᠠᠨ᠎ᠠ᠃ ᠠᠵᠢᠯ ᠦᠢᠯᠡᠰ ᠤᠨ ᠨᠢᠭᠡᠴᠡ ᠶᠢᠨ ᠵᠢᠩᠬᠢᠨᠢ | ᠠᠵᠢᠯᠲᠠᠨ ᠢᠶᠠᠷ ᠤᠷᠢᠭᠳᠠᠬᠤ ᠳᠤ ᠭᠦᠷᠪᠡᠯ᠂ ᠤᠷᠢᠳᠴᠢᠯᠠᠨ ᠵᠢᠩᠬᠢᠨᠢᠴᠢᠯᠡᠵᠦ ᠲᠠᠰ ᠲᠣᠭᠲᠠᠭᠠᠵᠤ ᠪᠣᠯᠣᠨ᠎ᠠ᠂ | ᠴᠠᠯᠢᠩ ᠤᠨ ᠲᠠᠰ ᠢ 1 ᠠᠴᠠ 3 ᠲᠠᠰ ᠥᠨᠳᠥᠷ ᠲᠣᠭᠲᠠᠭᠠᠵᠤ ᠪᠣᠯᠣᠨ᠎ᠠ᠃ | ᠵᠢᠷᠭᠤᠭ᠎ᠠ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | 24᠂ ᠬᠥᠮᠥᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ | ᠲᠦᠪᠰᠢᠨ ᠢ ᠲᠡᠭᠡᠭᠰᠢᠯᠡᠭᠦᠯᠦᠨ᠎ᠡ᠃ ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠳᠡᠮᠵᠢᠵᠦ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠲᠠᠰ ᠤᠨ ᠫᠠᠶᠢᠰᠠ ᠡᠯᠭᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ ᠲᠣᠰ ᠲᠣᠰ 1000 | ᠲᠦᠮᠡᠨ ᠲᠥᠭᠦᠷᠢᠭ ᠪᠠ 500 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ ᠮᠠᠨ ᠤ | ᠣᠷᠣᠨ ᠢ ᠬᠠᠪᠰᠤᠷᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ᠂ ᠪᠦᠯᠬᠦᠮ ᠨᠡᠶᠢᠲᠡ ᠶᠢ ᠣᠷᠣᠭᠤᠯᠤᠨ | ᠠᠪᠴᠢᠷᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ᠂ ᠴᠢᠳᠠᠪᠤᠷᠢᠲᠠᠨ | ᠡᠷᠢᠬᠦ ᠺᠣᠮᠫᠠᠨᠢ᠂ ᠵᠠᠭᠤᠴᠢ ᠪᠠᠶᠢᠭᠤᠯᠤᠮᠵᠢ ᠵᠡᠷᠭᠡ ᠳᠤ ᠲᠡᠳᠡᠨ ᠤ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ | ᠲᠠᠰ ᠳᠠᠪᠬᠤᠷᠭ᠎ᠠ ᠪᠠ ᠲᠤᠭ᠎ᠠ ᠬᠡᠮᠵᠢᠶ᠎ᠡ ᠶᠢ ᠶᠡᠷᠦᠩᠬᠡᠶᠢᠯᠡᠨ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠤ | ᠵᠣᠬᠢᠶᠠᠨ ᠪᠠᠶᠢᠭᠤᠯᠤᠯᠲᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠢᠶᠠᠷ ᠦᠨᠡᠯᠡᠨ ᠵᠢᠱᠢᠭᠦᠯᠦᠭᠰᠡᠨ ᠤ ᠳᠠᠷᠠᠭ᠎ᠠ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ | ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ | 25᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠶᠢ ᠳᠡᠮᠵᠢᠬᠦ ᠡᠷᠴᠢᠮ ᠢ | ᠴᠢᠩᠭᠠᠷᠠᠭᠤᠯᠤᠨ᠎ᠠ᠃ ᠭᠠᠳᠠᠭᠠᠳᠤ ᠳᠤ ᠰᠤᠷᠤᠯᠴᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠮᠠᠨ ᠤ | ᠣᠷᠣᠨ ᠳᠤ ᠢᠷᠡᠵᠦ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠭᠤᠣᠯᠳᠠᠯᠭ᠎ᠠ ᠲᠠᠢ ᠠᠵᠤ | ᠦᠢᠯᠡᠰ ᠤᠨ ᠬᠥᠭᠵᠢᠯᠲᠡ ᠪᠠ ᠰᠠᠭᠤᠷᠢ ᠰᠢᠨᠵᠢᠯᠡᠭᠡᠨ ᠤ ᠰᠤᠳᠤᠯᠭᠠᠨ ᠤ ᠳᠠᠪᠰᠢᠯᠲᠠ ᠶᠢ ᠠᠬᠢᠭᠤᠯᠵᠤ ᠳᠡᠶᠢᠯᠬᠦ ᠴᠢᠨᠠᠷ | ᠰᠠᠶᠢᠲᠠᠢ ᠲᠥᠷᠥᠯ ᠵᠦᠢᠯ ᠳᠤ 10 ︱ 20 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠣᠯᠭᠤᠵᠤ᠂ | ᠣᠨᠴᠠ ᠰᠢᠯᠢᠳᠡᠭ ᠲᠤᠨᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ | ᠣᠯᠭᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ | ᠵᠣᠷᠢᠭᠵᠢᠭᠤᠯᠵᠤ᠂ ᠵᠢᠯ ᠪᠦᠷᠢ ᠨᠢᠭᠡ ᠪᠦᠯᠦᠭ ᠵᠣᠬᠢᠬᠤ ᠮᠡᠷᠭᠡᠵᠢᠯ ᠤᠨ ᠠᠭᠤᠯᠤᠭᠳᠠᠬᠤᠨ ᠲᠠᠢ ᠪᠠ ᠬᠥᠭᠵᠢᠯᠲᠡ ᠶᠢᠨ | ᠢᠷᠡᠭᠡᠳᠦᠢ ᠲᠠᠢ ᠵᠠᠯᠠᠭᠤᠴᠤᠳ ᠢ ᠰᠢᠯᠢᠨ ᠰᠣᠩᠭᠤᠵᠤ ︽ᠰᠢᠨ᠎ᠡ ᠶᠢ ᠡᠭᠦᠳᠦᠭᠦᠯᠦᠨᠡ︾᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠯᠴᠢᠯᠠᠭᠤᠷ ᠤᠨ ᠲᠦᠪ |