ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠯᠭᠡ ᠶᠢᠨ ᠠᠰᠠᠭᠤᠯᠲᠠ | ᠬᠠᠷᠢᠭᠤᠯᠲᠠ ᠶᠢᠨ ᠵᠢᠷᠭᠤᠳᠤᠭᠠᠷ ᠬᠤᠭᠤᠴᠠᠭ᠎ᠠ | ᠨᠢᠭᠡ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠥᠬᠦ ᠲᠠᠯ᠎ᠠ ᠪᠠᠷ | ᠭᠦᠢᠴᠡᠳᠬᠡᠬᠦ ᠳᠤ ᠶᠠᠮᠠᠷ ᠬᠡᠳᠦᠨ ᠲᠠᠯ᠎ᠠ ᠪᠠᠶᠢᠬᠤ ᠪᠤᠢ︖ | ᠬᠠᠷᠢᠭᠤᠯᠲᠠ᠄ | 1᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠤᠨ᠎ᠠ︔ | 2᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠳᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ︔ | 3᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ | 4᠂ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ︔ | 5᠂ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | ᠬᠤᠶᠠᠷ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠳᠤ ᠬᠠᠤᠯᠢ ᠪᠠᠷ ᠵᠠᠰᠠᠬᠤ ᠬᠡᠪ | ᠪᠣᠯᠪᠠᠰᠤᠷᠠᠯ ᠪᠠ ᠬᠠᠤᠯᠢ ᠪᠠᠷ ᠵᠠᠰᠠᠬᠤ ᠴᠢᠳᠠᠪᠤᠷᠢ ᠶᠢ ᠴᠢᠬᠤᠯᠠᠴᠢᠯᠠᠬᠤ ᠬᠥᠮᠥᠨ ᠬᠡᠷᠡᠭᠯᠡᠬᠦ ᠤᠳᠤᠷᠢᠳᠤᠮᠵᠢ ᠶᠢ ᠪᠤᠢ | ᠪᠣᠯᠭᠠᠬᠤ ᠲᠠᠯ᠎ᠠ ᠪᠠᠷ ᠬᠡᠷᠬᠢᠨ ᠲᠣᠭᠲᠠᠭᠠᠭᠰᠠᠨ ᠪᠤᠢ︖ | ᠬᠠᠷᠢᠭᠤᠯᠲᠠ᠄ | ᠤᠳᠤᠷᠢᠳᠬᠤ ᠺᠠᠳ᠋ᠷ ᠭᠡᠬᠦ ᠡᠨᠡ ᠬᠦ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠬᠠᠤᠯᠢ ᠪᠠᠷ ᠵᠠᠰᠠᠬᠤ ᠦᠵᠡᠯᠲᠡ ᠪᠠᠷ ᠴᠢᠩᠭ᠎ᠠ ᠪᠠᠶᠢᠬᠤ | ᠡᠰᠡᠬᠦ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢᠶᠠᠷ ᠰᠠᠶᠢᠨ ᠪᠠᠶᠢᠬᠤ ᠡᠰᠡᠬᠦ ᠪᠠᠷ ᠺᠠᠳ᠋ᠷ ᠤᠨ ᠮᠣᠷᠠᠯ ᠴᠢᠳᠠᠪᠤᠷᠢ ᠶᠢ | ᠬᠡᠮᠵᠢᠬᠦ ᠴᠢᠬᠤᠯᠠ ᠪᠠᠷᠢᠮᠵᠢᠶ᠎ᠠ ᠪᠣᠯᠭᠠᠵᠤ᠂ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠬᠠᠤᠯᠢ ᠶᠣᠰᠣᠭᠠᠷ ᠠᠵᠢᠯᠯᠠᠵᠤ | ᠴᠢᠳᠠᠬᠤ ᠡᠰᠡᠬᠦ ᠪᠠᠷ ᠺᠠᠳ᠋ᠷ ᠢ ᠰᠢᠯᠭᠠᠨ ᠪᠠᠶᠢᠴᠠᠭᠠᠬᠤ ᠴᠢᠬᠤᠯᠠ ᠠᠭᠤᠯᠭ᠎ᠠ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢ | ᠴᠢᠩᠭ᠎ᠠ ᠰᠠᠬᠢᠵᠤ᠂ ᠤᠯᠤᠰ ᠤᠨ ᠬᠠᠤᠯᠢ ᠴᠠᠭᠠᠵᠠ ᠶᠢ ᠵᠢᠷᠤᠮᠯᠠᠨ ᠰᠠᠬᠢᠳᠠᠭ ᠺᠠᠳ᠋ᠷ ᠢ ᠬᠡᠷᠡᠭᠯᠡᠨ᠎ᠡ᠃ ᠠᠳᠠᠯᠢᠬᠠᠨ | ᠨᠥᠬᠦᠴᠡᠯ ᠤᠨ ᠳᠣᠣᠷ᠎ᠠ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢᠶᠠᠷ ᠰᠠᠶᠢᠨ᠂ ᠬᠠᠤᠯᠢ ᠶᠣᠰᠣᠭᠠᠷ ᠠᠵᠢᠯᠯᠠᠬᠤ | ᠴᠢᠳᠠᠪᠤᠷᠢ ᠪᠠᠷ ᠴᠢᠩᠭ᠎ᠠ ᠺᠠᠳ᠋ᠷ ᠢ ᠤᠷᠢᠳ ᠢᠶᠠᠷ ᠳᠡᠪᠰᠢᠭᠦᠯᠦᠨ ᠬᠡᠷᠡᠭᠯᠡᠨ᠎ᠡ᠃ ᠣᠨᠴᠠ ᠡᠷᠬᠡ ᠶᠢᠨ ᠦᠵᠡᠯ | ᠰᠠᠨᠠᠭ᠎ᠠ ᠪᠠᠷ ᠬᠦᠨᠳᠦ ᠨᠣᠴᠢᠲᠠᠢ᠂ ᠬᠠᠤᠯᠢ ᠪᠠᠷ ᠵᠠᠰᠠᠬᠤ ᠦᠵᠡᠯᠲᠡ ᠪᠠᠷ ᠳᠤᠲᠠᠮᠠᠭ ᠺᠠᠳ᠋ᠷ ᠢ ᠰᠢᠭᠦᠮᠵᠢᠯᠡᠨ ᠰᠤᠷᠭᠠᠵᠤ᠂ | ᠰᠢᠪᠠᠳᠠᠨ ᠵᠠᠯᠠᠷᠠᠭᠤᠯᠵᠤ᠂ ᠠᠰᠠᠭᠤᠳᠠᠯ ᠨᠢ ᠬᠦᠨᠳᠦ ᠨᠣᠴᠢᠲᠠᠢ ᠪᠤᠶᠤ ᠬᠠᠤᠯᠢ ᠰᠠᠬᠢᠯᠭ᠎ᠠ ᠶᠢ ᠵᠥᠷᠢᠴᠡᠭᠰᠡᠨ ᠪᠠᠶᠢᠪᠠᠯ᠂ | ᠬᠠᠤᠯᠢ ᠰᠠᠬᠢᠯᠭ᠎ᠠ ᠶᠢᠨ ᠶᠣᠰᠣᠭᠠᠷ ᠴᠢᠩᠭ᠎ᠠ ᠰᠢᠢᠳᠪᠦᠷᠢᠯᠡᠨ᠎ᠡ᠃ | ᠭᠤᠷᠪᠠ᠂ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠲᠦᠯᠬᠢᠨ ᠠᠬᠢᠭᠤᠯᠬᠤ ᠳᠤᠮᠳᠠ ᠶᠠᠮᠠᠷ ᠶᠠᠮᠠᠷ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠪᠡᠯ ᠵᠣᠬᠢᠬᠤ ᠪᠤᠢ︖ | ᠬᠠᠷᠢᠭᠤᠯᠲᠠ᠄ | 1᠂ ᠨᠠᠮ ᠤᠨ ᠬᠤᠷᠢᠶ᠎ᠠ ᠶᠢᠨ ᠲᠣᠰ ᠭᠠᠵᠠᠷ ᠣᠷᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ | ᠠᠬᠢᠭᠤᠯᠬᠤ ᠳᠤᠮᠳᠠᠬᠢ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠯᠪᠣᠭᠳᠠᠯ | ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠤᠯᠪᠣᠭᠳᠠᠯ | ᠪᠦᠬᠦᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠭᠠᠵᠠᠷ ᠣᠷᠣᠨ ᠤ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠪᠠ ᠣᠨ ᠤ ᠠᠵᠢᠯ ᠤᠨ | ᠲᠥᠯᠥᠪᠯᠡᠭᠡ ᠳᠤ ᠣᠷᠣᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠡᠷᠭᠡᠪᠡᠷ ᠪᠠᠶᠢᠷᠢᠯᠠᠭᠤᠯᠵᠤ᠂ | ᠵᠡᠷᠭᠡᠪᠡᠷ ᠠᠬᠢᠭᠤᠯᠵᠤ᠂ ᠵᠡᠷᠭᠡᠪᠡᠷ ᠰᠢᠪᠠᠳᠠᠨ ᠱᠠᠭᠠᠷᠳᠠᠵᠤ᠂ ᠵᠡᠷᠭᠡᠪᠡᠷ ᠬᠢᠨᠠᠨ ᠰᠢᠯᠭᠠᠵᠤ᠂ ᠵᠡᠷᠭᠡᠪᠡᠷ ᠱᠠᠩᠨᠠᠵᠤ | ᠲᠣᠷᠭᠠᠨ᠎ᠠ︔ | 2᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠳᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢ | ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠪᠠᠶᠢᠭᠤᠯᠤᠯᠲᠠ ᠶᠢ | ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠬᠡᠷᠡᠭᠵᠢᠭᠦᠯᠬᠦ ᠬᠦᠴᠦᠨ ᠢ | ᠳᠡᠭᠡᠭᠰᠢᠯᠡᠭᠦᠯᠦᠨ᠎ᠡ︔ | 3᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠴᠢᠩᠳᠠᠯᠠᠵᠤ᠂ ᠨᠠᠮ ᠤᠨ | ᠬᠤᠷᠢᠶ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ᠂ ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ | ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠶᠢᠨ ᠪᠢᠴᠢᠭ ᠮᠠᠲ᠋ᠧᠷᠢᠶᠠᠯ᠂ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠬᠦ ᠴᠢᠨᠠᠷᠲᠠᠢ ᠬᠢᠨᠠᠨ ᠪᠠᠶᠢᠴᠠᠭᠠᠯᠲᠠ ᠶᠢ | ᠴᠢᠩᠭᠠᠳᠬᠠᠨ᠎ᠠ︔ | 4᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ | ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠬᠠᠤᠯᠢ ᠳᠦᠷᠢᠮ ᠶᠣᠰᠣᠭᠠᠷ ᠡᠭᠦᠷᠭᠡ | ᠴᠢᠳᠠᠪᠤᠷᠢ ᠪᠠᠨ ᠭᠦᠢᠴᠡᠳᠬᠡᠬᠦ᠂ ᠠᠵᠢᠯ ᠢᠶᠠᠨ ᠥᠷᠨᠢᠭᠦᠯᠬᠦ ᠶᠢ ᠳᠡᠮᠵᠢᠵᠦ᠂ ᠤᠳᠤᠷᠢᠳᠬᠤ ᠪᠠᠭ ᠤᠨ ᠪᠤᠰᠤᠳ | ᠪᠦᠷᠢᠯᠳᠦᠭᠦᠨ ᠪᠠ ᠳᠣᠣᠷᠠᠳᠤ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠶᠣᠰᠣᠭᠠᠷ | ᠠᠵᠢᠯᠯᠠᠬᠤ ᠶᠢ ᠱᠠᠯᠠᠪᠳᠠᠭᠤᠯᠵᠤ᠂ ᠲᠣᠭᠲᠠᠭᠠᠯ ᠢ ᠵᠥᠷᠢᠴᠡᠨ ᠬᠠᠤᠯᠢ ᠴᠠᠭᠠᠵᠠ ᠶᠢᠨ ᠠᠵᠢᠯᠯᠠᠭ᠎ᠠ ᠳᠤ ᠭᠠᠷ ᠲᠦᠷᠦᠵᠤ | ᠂ ᠪᠣᠳᠠᠲᠠᠢ ᠬᠡᠷᠡᠭ ᠢ ᠰᠢᠢᠳᠪᠦᠷᠢᠯᠡᠬᠦ ᠳᠤ ᠭᠠᠷ ᠳᠦᠷᠦᠵᠦ ᠪᠣᠯᠬᠤ ᠦᠭᠡᠢ︔ | 5᠂ ᠬᠠᠤᠯᠢᠵᠢᠯ ᠤᠨ ᠬᠡᠪ ᠪᠣᠯᠪᠠᠰᠤᠷᠠᠯ ᠪᠣᠯᠣᠨ ᠬᠠᠤᠯᠢᠵᠢᠯ ᠤᠨ ᠴᠢᠳᠠᠪᠤᠷᠢ ᠶᠢ ᠴᠢᠬᠤᠯᠠᠴᠢᠯᠠᠬᠤ ᠬᠥᠮᠥᠨ | ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠵᠤ᠂ ᠬᠠᠤᠯᠢᠵᠢᠯ ᠤᠨ ᠠᠵᠢᠯ ᠤᠨ ᠡᠩᠨᠡᠭᠡᠨ ᠤ ᠪᠠᠶᠢᠭᠤᠯᠤᠯᠲᠠ ᠪᠣᠯᠣᠨ | ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠤᠳᠤᠷᠢᠳᠬᠤ ᠪᠠᠭ ᠤᠨ ᠪᠠᠶᠢᠭᠤᠯᠤᠯᠲᠠ ᠶᠢ | ᠴᠢᠩᠭᠠᠳᠬᠠᠨ᠎ᠠ︔ | 6᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠢ ᠲᠦᠯᠬᠢᠨ ᠠᠬᠢᠭᠤᠯᠵᠤ᠂ ᠨᠡᠶᠢᠭᠡᠮ | ᠳᠠᠶᠠᠭᠠᠷ ᠲᠤ ᠬᠠᠤᠯᠢ ᠪᠠᠷ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠲᠦᠯᠬᠢᠨ | ᠠᠬᠢᠭᠤᠯᠤᠨ᠎ᠠ᠃ | ᠲᠦᠷᠪᠡ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠲᠦᠯᠬᠢᠨ ᠠᠬᠢᠭᠤᠯᠬᠤ ᠳᠤᠮᠳᠠ ᠶᠠᠮᠠᠷ ᠶᠠᠮᠠᠷ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠪᠡᠯ ᠵᠣᠬᠢᠬᠤ ᠪᠤᠢ︖ | ᠬᠠᠷᠢᠭᠤᠯᠲᠠ᠄ | 1᠂ ᠲᠣᠰ ᠭᠠᠵᠠᠷ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠲᠥᠯᠦᠪᠵᠢᠭᠦᠯᠭᠡ ᠪᠠ ᠣᠨ ᠤ ᠠᠵᠢᠯ ᠤᠨ | ᠲᠥᠯᠥᠪᠯᠡᠭᠡ ᠶᠢ ᠲᠣᠭᠲᠠᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠤᠯᠪᠣᠭᠳᠠᠯ | ᠪᠦᠬᠦᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠪᠠᠲᠤᠯᠠᠭ᠎ᠠ ᠬᠠᠩᠭᠠᠵᠤ᠂ ᠨᠥᠬᠦᠴᠡᠯ ᠪᠦᠷᠢᠯᠳᠦᠭᠦᠯᠦᠨ᠎ᠡ︔ | 2᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ ᠲᠠᠰ | ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ᠂ | ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳᠦᠷᠢᠮ ᠲᠣᠭᠲᠠᠭᠠᠯ ᠪᠠ | ᠵᠢᠷᠤᠮᠵᠢᠭᠰᠠᠨ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠲᠣᠭᠲᠠᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠥᠬᠦ ᠲᠠᠯ᠎ᠠ ᠪᠠᠷ ᠠᠬᠢᠭᠤᠯᠤᠨ᠎ᠠ︔ | 3᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ︔ | | 4᠂ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠪᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠰᠢᠪᠠᠳᠠᠵᠤ᠂ ᠵᠠᠰᠠᠭ ᠤᠨ ᠣᠷᠳᠣᠨ ᠤ | ᠳᠣᠲᠣᠭᠠᠳᠤ ᠶᠢᠨ ᠱᠠᠲᠤ ᠱᠠᠲᠤ ᠪᠠᠷ ᠬᠢᠨᠠᠯᠲᠠ ᠲᠠᠯᠪᠢᠬᠤ ᠪᠠ ᠲᠤᠰᠬᠠᠢ ᠬᠢᠨᠠᠯᠲᠠ ᠲᠠᠯᠪᠢᠬᠤ ᠶᠢ ᠲᠡᠭᠦᠯᠳᠡᠷᠵᠢᠭᠦᠯᠬᠦ ᠶᠢ | ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠠᠵᠢᠯ ᠦᠯᠦ ᠬᠢᠬᠦ᠂ ᠳᠤᠷ᠎ᠠ ᠪᠠᠷ ᠢᠶᠠᠨ ᠦᠢᠯᠡᠳᠬᠦ ᠶᠢ ᠵᠠᠯᠠᠷᠠᠭᠤᠯᠤᠨ᠎ᠠ︔ | | 5᠂ ᠬᠠᠤᠯᠢ ᠪᠠᠷᠢᠬᠤ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ᠂ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ | ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠶᠢ ᠳᠡᠮᠵᠢᠬᠦ᠂ ᠰᠢᠭᠦᠬᠦ ᠬᠤᠷᠢᠶ᠎ᠠ ᠶᠢᠨ ᠬᠦᠴᠦᠨ ᠲᠠᠢ ᠪᠣᠯᠤᠭᠰᠠᠨ | ᠲᠠᠰᠤᠯᠤᠨ ᠲᠣᠭᠲᠠᠭᠠᠯᠲᠠ ᠶᠢ ᠬᠦᠨᠳᠦᠳᠬᠡᠬᠦ ᠪᠠ ᠭᠦᠢᠴᠡᠳᠬᠡᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ︔ | 6᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ | ᠳᠦᠷᠢᠮ ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠲᠥᠯᠦᠪᠵᠢᠭᠦᠯᠭᠡ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ | ᠲᠡᠪᠤ᠂ ᠵᠠᠰᠠᠭ ᠤᠨ ᠣᠷᠳᠣᠨ ᠤ ᠠᠵᠢᠯᠲᠠᠨ ᠤ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠶᠣᠰᠣᠭᠠᠷ | ᠵᠠᠰᠠᠭ ᠶᠠᠪᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠷᠠᠯᠲᠠ ᠨᠢ ᠶᠠᠭᠤ ᠪᠣᠶ︖ | ᠬᠠᠷᠢᠭᠤᠯᠲᠠ᠄ | ᠵᠠᠰᠠᠭ ᠤᠨ ᠣᠷᠳᠣᠨ ᠤ ᠠᠵᠢᠯᠲᠠᠳ ᠢᠯᠠᠩᠭᠤᠶ᠎ᠠ ᠤᠳᠤᠷᠢᠳᠬᠤ ᠺᠠᠳ᠋ᠷᠴᠤᠳ ᠦᠨᠳᠦᠰᠦᠨ ᠬᠠᠤᠯᠢ ᠪᠣᠯᠣᠨ | ᠬᠠᠤᠯᠢ ᠴᠠᠭᠠᠵᠠ ᠶᠢ ᠳᠡᠭᠡᠳᠦᠯᠡᠬᠦ᠂ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠬᠦᠨ ᠡᠷᠬᠡ ᠲᠡᠭᠰᠢ ᠪᠠᠶᠢᠬᠤ᠂ ᠡᠷᠬᠡ | ᠶᠢ ᠬᠠᠤᠯᠢ ᠪᠠᠷ ᠲᠣᠭᠲᠠᠭᠠᠬᠤ᠂ ᠡᠷᠬᠡ ᠶᠢ ᠬᠠᠤᠯᠢ ᠪᠠᠷ ᠬᠡᠷᠡᠭᠵᠢᠭᠦᠯᠬᠦ ᠵᠡᠷᠭᠡ ᠬᠠᠤᠯᠢ ᠪᠠᠷ ᠵᠠᠰᠠᠬᠤ ᠦᠨᠳᠦᠰᠦᠨ | ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠦᠢ ᠵᠣᠬᠢᠰᠲᠠᠢ ᠪᠠᠷ ᠵᠠᠰᠠᠭ | ᠶᠠᠪᠤᠭᠤᠯᠬᠤ᠂ ᠵᠢᠷᠤᠮ ᠨᠢ ᠵᠦᠢ ᠶᠣᠰᠣᠨ ᠤ ᠪᠠᠶᠢᠬᠤ᠂ ᠥᠨᠳᠥᠷ ᠪᠦᠲᠦᠮᠵᠢᠲᠡᠶ ᠪᠠᠷ ᠠᠷᠠᠳ ᠲᠤ ᠲᠦᠬᠦᠮ | ᠦᠵᠡᠭᠦᠯᠬᠦ᠂ ᠦᠨᠡᠨᠴᠢ ᠢᠲᠡᠭᠡᠮᠵᠢᠲᠡᠢ ᠪᠠᠶᠢᠬᠤ᠂ ᠡᠷᠬᠡ ᠬᠠᠷᠢᠭᠤᠴᠠᠯᠭ᠎ᠠ ᠶᠢ ᠨᠢᠭᠡᠳᠬᠡᠬᠦ ᠵᠡᠷᠭᠡ ᠬᠠᠤᠯᠢ ᠶᠣᠰᠣᠭᠠᠷ | ᠵᠠᠰᠠᠭ ᠶᠠᠪᠤᠭᠤᠯᠬᠤ ᠦᠨᠳᠦᠰᠦᠨ ᠱᠠᠭᠠᠷᠳᠠᠯᠭ᠎ᠠ ᠶᠢ ᠬᠢᠴᠢᠶᠡᠩᠭᠦᠶᠢᠯᠡᠨ ᠵᠢᠷᠤᠮᠯᠠᠵᠤ᠂ ᠬᠠᠤᠯᠢ ᠶᠢ ᠬᠦᠨᠳᠦᠳᠬᠡᠬᠦ | ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠵᠢᠭᠦᠯᠬᠦ ᠵᠢᠱᠢᠶᠡᠴᠢ ᠪᠣᠯᠵᠤ᠂ ᠬᠠᠤᠯᠢ ᠪᠠᠷ ᠵᠠᠰᠠᠬᠤ | ᠰᠡᠳᠬᠢᠬᠦᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠵᠦ᠂ ᠬᠠᠤᠯᠢ ᠪᠠᠷ | ᠵᠠᠰᠠᠬᠤ ᠵᠠᠮ ᠢᠶᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠵᠢᠷᠭᠤᠭ᠎ᠠ᠂ ᠵᠠᠰᠠᠭ ᠵᠠᠬᠢᠷᠭᠠᠨ ᠤ ᠲᠠᠬᠢᠨ ᠬᠢᠨᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠲᠠᠬᠢᠨ ᠬᠢᠨᠠᠬᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠢᠷᠤᠮᠯᠠᠬᠤ ᠶᠣᠰᠣᠲᠠᠢ ᠵᠠᠷᠴᠢᠮ ᠨᠢ ᠶᠠᠭᠤ ᠪᠤᠢ︖ | ᠬᠠᠷᠢᠭᠤᠯᠲᠠ᠄ ᠬᠠᠤᠯᠢ ᠳᠤ ᠨᠡᠶᠢᠴᠡᠬᠦ᠂ ᠲᠥᠪ ᠭᠤᠣᠯᠴᠢ᠂ ᠢᠯᠡ ᠲᠣᠳᠣ᠂ ᠴᠠᠭ ᠲᠤᠬᠠᠢ ᠳᠤᠨᠢ | ᠰᠢᠢᠳᠪᠦᠷᠢᠯᠡᠬᠦ᠂ ᠠᠷᠠᠳ ᠲᠤ ᠲᠦᠬᠦᠮ ᠦᠵᠡᠭᠦᠯᠬᠦ ᠵᠠᠷᠴᠢᠮ ᠢ ᠵᠢᠷᠤᠮᠯᠠᠵᠤ᠂ ᠪᠤᠷᠤᠭᠤ ᠪᠠᠶᠢᠪᠠᠯ ᠵᠠᠪᠠᠯ | ᠵᠠᠯᠠᠷᠠᠭᠤᠯᠬᠤ ᠶᠢ ᠪᠠᠷᠢᠮᠲᠠᠯᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠵᠥᠪ ᠬᠡᠷᠡᠭᠵᠢᠭᠦᠯᠦᠭᠳᠡᠬᠦ ᠶᠢ | ᠪᠠᠲᠤᠯᠠᠬᠤ ᠬᠡᠷᠡᠭᠲᠡᠢ᠃ | ᠲᠤᠯᠤᠭ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠭᠡᠵᠦ ᠶᠠᠭᠤ ᠪᠤᠢ︖ | ᠬᠠᠷᠢᠭᠤᠯᠲᠠ᠄ | ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠭᠡᠳᠡᠭ ᠨᠢ ᠶᠡᠷᠦ ᠳᠡᠭᠡᠨ ᠣᠷᠣᠨ | ᠨᠤᠲᠤᠭ ᠤᠨ ᠵᠠᠰᠠᠭ ᠤᠨ ᠣᠷᠳᠣᠨ ᠤ ᠡᠷᠬᠡ ᠲᠤᠰᠢᠶᠠᠯ ᠤᠨ ᠢᠶᠠᠨ ᠬᠡᠪᠴᠢᠶᠡᠨ ᠳᠤ ᠲᠣᠭᠲᠠᠭᠠᠭᠰᠠᠨ᠂ ᠨᠡᠶᠢᠭᠡᠮ ᠳᠤ | ᠨᠡᠶᠢᠲᠡᠯᠡᠭᠰᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠵᠢᠭᠠᠵᠤ ᠪᠠᠶᠢᠨ᠎ᠠ᠂ ᠪᠠᠶᠢᠩᠭᠤ ᠶᠢᠨ | ᠬᠡᠷᠡᠭᠯᠡᠬᠦ ᠪᠢᠴᠢᠭ ᠤᠨ ᠲᠦᠷᠦᠯ ᠢᠶᠠᠷ ᠲᠣᠭᠲᠠᠭᠠᠯ᠂ ᠠᠷᠭ᠎ᠠ᠂ ᠨᠠᠷᠢᠨ ᠳᠦᠷᠢᠮ ᠵᠡᠷᠭᠡ ᠶᠢ ᠲᠣᠭᠲᠠᠭᠠᠳᠠᠭ᠂ ᠡᠭᠦᠨ ᠤ | ᠳᠣᠲᠣᠷᠠᠬᠢ ᠠᠭᠤᠯᠭ᠎ᠠ ᠨᠢ ᠶᠠᠮᠠᠷ ᠨᠢᠭᠡᠨ ᠬᠡᠷᠡᠭ ᠶᠠᠪᠤᠳᠠᠯ ᠳᠤ ᠴᠢᠭᠯᠡᠭᠦᠯᠦᠭᠰᠡᠨ ᠣᠨᠴᠠᠭᠠᠶ ᠴᠢᠨᠠᠷ ᠲᠠᠢ ᠪᠠᠶᠢᠳᠠᠭ᠃ | ᠭᠤᠣᠯᠳᠠᠭᠤ ᠵᠠᠰᠠᠭ ᠵᠠᠬᠢᠷᠭᠠᠨ ᠤ ᠭᠤᠤᠯ ᠴᠣᠭᠴᠠ ᠶᠢᠨ ᠡᠷᠬᠡ ᠲᠤᠰᠢᠶᠠᠯ ᠲᠤᠰᠢᠶᠠᠯ ᠬᠠᠷᠢᠭᠤᠴᠠᠯᠭ᠎ᠠ᠂ ᠵᠠᠰᠠᠭ | ᠵᠠᠬᠢᠷᠭᠠᠨ ᠤ ᠬᠠᠷᠢᠴᠠᠩᠭᠤᠢ ᠬᠥᠮᠥᠨ ᠤ ᠡᠷᠬᠡ ᠪᠠ ᠡᠭᠦᠷᠭᠡ ᠳᠤ ᠬᠤᠯᠪᠣᠭᠳᠠᠨ᠎ᠠ᠃ | ᠨᠠᠢᠮᠠ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠢᠨᠠᠵᠤ | ᠬᠠᠮᠢᠶᠠᠷᠬᠤ ᠶᠢ ᠬᠡᠷᠬᠢᠨ ᠴᠢᠩᠭᠠᠳᠬᠠᠬᠤ ᠪᠤᠢ︖ | ᠬᠠᠷᠢᠭᠤᠯᠲᠠ᠄ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ | ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠬᠤ ᠳᠤ ᠡᠷᠬᠡᠪᠰᠢ ᠡᠷᠬᠡ ᠠᠴᠠ ᠪᠠᠨ ᠳᠠᠪᠠᠵᠤ ᠪᠢᠴᠢᠭ ᠮᠠᠲ᠋ᠧᠷᠢᠶᠠᠯ | ᠶᠠᠪᠤᠭᠤᠯᠬᠤ ᠶᠢ ᠴᠢᠩᠭ᠎ᠠ ᠴᠠᠭᠠᠵᠠᠯᠠᠵᠤ᠂ ᠪᠢᠴᠢᠭ ᠮᠠᠲ᠋ᠧᠷᠢᠶᠠᠯ ᠶᠠᠪᠤᠭᠤᠯᠬᠤ ᠲᠤᠭ᠎ᠠ ᠬᠡᠮᠵᠢᠶ᠎ᠡ ᠶᠢ ᠴᠢᠩᠭ᠎ᠠ | ᠬᠢᠵᠠᠭᠠᠷᠯᠠᠬᠤ ᠬᠡᠷᠡᠭᠲᠡᠢ᠃ ᠪᠢᠴᠢᠭ ᠮᠠᠲ᠋ᠧᠷᠢᠶᠠᠯ ᠢ ᠲᠣᠭᠲᠠᠭᠠᠨ ᠲᠠᠷᠬᠠᠭᠠᠬᠤ ᠶᠢᠨ ᠳᠤᠷ᠎ᠠ ᠶᠢᠨ ᠴᠢᠨᠠᠷ ᠢ | ᠰᠡᠷᠭᠡᠶᠢᠯᠡᠬᠦ ᠶᠢᠨ ᠲᠤᠰᠠᠳᠠ᠂ ᠴᠢᠬᠤᠯᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠨᠡᠶᠢᠲᠡᠯᠡᠬᠦ ᠳᠤ ︽ᠲᠣᠭᠲᠠᠭᠠᠨ ᠲᠠᠷᠬᠠᠭᠠᠬᠤ ᠲᠠᠰ ᠳᠠᠷᠠᠭᠠᠯᠠᠯ ᠢ ᠴᠢᠩᠳᠠᠯᠠᠬᠤ᠂ ᠬᠢᠨᠠᠮᠠᠭᠠᠢ ᠦᠨᠡᠯᠡᠨ ᠵᠢᠱᠢᠵᠦ | ᠨᠤᠲᠠᠯᠠᠯᠲᠠ ᠬᠢᠬᠦ᠂ ᠥᠷᠭᠡᠨ ᠢᠶᠠᠷ ᠰᠠᠨᠠᠯ ᠬᠤᠷᠢᠶᠠᠬᠤ᠂ ᠴᠢᠩᠭ᠎ᠠ ᠬᠢᠨᠠᠨ ᠬᠠᠷᠭᠤᠭᠤᠯᠵᠤ ᠪᠣᠭᠤᠮᠲᠠ ᠰᠠᠬᠢᠬᠤ᠂ | ᠬᠠᠮᠲᠤ ᠪᠠᠷ ᠬᠢᠨᠠᠨ ᠵᠥᠪᠯᠡᠬᠦ ᠶᠢ ᠪᠠᠷᠢᠮᠲᠠᠯᠠᠬᠤ᠂ ᠴᠠᠭ ᠲᠤᠬᠠᠢ ᠳᠤᠨᠢ ᠢᠯᠡ ᠪᠠᠷ ᠨᠡᠶᠢᠲᠡᠯᠡᠬᠦ︾ ᠵᠡᠷᠭᠡ ᠵᠢᠷᠭᠤᠭᠠᠨ | ᠵᠠᠩᠭᠢᠯᠠᠭ᠎ᠠ ᠶᠢ ᠰᠠᠶᠢᠲᠤᠷ ᠡᠵᠡᠮᠳᠡᠬᠦ ᠬᠡᠷᠡᠭᠲᠡᠢ᠃ ᠲᠣᠭᠲᠠᠭᠠᠭᠰᠠᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠰᠠ ᠬᠠᠷᠢᠭᠤᠴᠠᠯᠭ᠎ᠠ ᠶᠢᠨ | ᠲᠣᠭᠲᠠᠴᠠ ᠶᠢ ᠪᠦᠷᠢᠨᠰᠢᠭᠦᠯᠦᠨ᠂ ᠳᠡᠩᠰᠡᠯᠡᠵᠦ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠮᠳᠠᠭᠤᠯᠤᠨ | ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠬᠤ ᠬᠡᠷᠡᠭᠲᠡᠢ᠃ ᠬᠠᠤᠯᠢ ᠶᠣᠰᠣᠨ ᠤ ᠴᠢᠨᠠᠷ ᠲᠠᠢ ᠬᠢᠨᠠᠨ | ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠬᠠᠤᠯᠢ ᠶᠣᠰᠣᠨ ᠤ ᠪᠤᠰᠤ ᠪᠢᠴᠢᠭ ᠮᠠᠲ᠋ᠧᠷᠢᠶᠠᠯ ᠢ | ᠬᠠᠮᠲᠤ ᠪᠠᠷ ᠬᠢᠨᠠᠨ ᠵᠥᠪᠯᠡᠭᠦᠯᠬᠦ ᠪᠠᠷ ᠳᠡᠪᠰᠢᠭᠦᠯᠵᠦ ᠪᠣᠯᠬᠤ ᠦᠭᠡᠢ᠃ | ᠶᠢᠰᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠳᠤ ᠶᠠᠮᠠᠷ ᠶᠠᠮᠠᠷ ᠭᠤᠣᠯ ᠵᠠᠷᠴᠢᠮ ᠢ | ᠪᠠᠷᠢᠮᠲᠠᠯᠠᠬᠤ ᠬᠡᠷᠡᠭᠲᠡᠢ ᠪᠤᠢ︖ | ᠬᠠᠷᠢᠭᠤᠯᠲᠠ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠥᠪ ᠴᠢᠭᠯᠡᠯ ᠢ ᠪᠠᠲᠤᠯᠠᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠵᠤ᠂ ᠠᠯᠢᠪᠠ ᠵᠠᠰᠠᠭ ᠵᠠᠬᠢᠷᠭᠠᠨ ᠤ ᠪᠠᠶᠢᠭᠤᠯᠭ᠎ᠠ ᠡᠷᠬᠡᠪᠰᠢ ᠠᠷᠠᠳ ᠲᠦᠮᠡᠨ ᠳᠤ ᠦᠢᠯᠡᠴᠢᠯᠡᠵᠦ᠂ ᠠᠷᠠᠳ | ᠲᠦᠮᠡᠨ ᠳᠤ ᠬᠠᠷᠢᠭᠤᠴᠠᠨ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠪᠠᠷ ᠵᠠᠰᠠᠭ ᠵᠠᠬᠢᠷᠭᠠᠨ ᠤ ᠡᠷᠬᠡ ᠳᠤ ᠶᠣᠰᠣ | ᠳᠦᠷᠢᠮ ᠲᠣᠭᠲᠠᠭᠠᠵᠤ᠂ ᠵᠠᠭᠠᠭ ᠱᠤᠭᠤᠮ ᠢ ᠢᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠪ ᠵᠠᠭᠪᠤᠷ ᠪᠠ ᠠᠷᠭ᠎ᠠ ᠵᠠᠮ ᠢ ᠢᠳᠡᠪᠬᠢᠲᠡᠢ ᠪᠠᠷ | ᠬᠠᠶᠢᠨ ᠰᠦᠪᠡᠭᠴᠢᠯᠡᠨ᠎ᠡ᠂ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦᠯᠢ ᠴᠣᠭᠴᠠ ᠪᠠᠷ ᠲᠦᠯᠬᠢᠨ ᠠᠬᠢᠭᠤᠯᠬᠤ᠂ ᠵᠣᠬᠢᠴᠠᠯᠳᠤᠭᠤᠯᠤᠨ | ᠬᠥᠭᠵᠢᠭᠦᠯᠬᠦ ᠶᠢ ᠴᠢᠩᠭᠠᠳᠬᠠᠨ᠎ᠠ᠃ | ᠠᠷᠪᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠳᠤ ᠬᠠᠮᠲᠤ ᠪᠠᠷ ᠶᠠᠷᠢᠯᠴᠠᠨ | ᠲᠣᠭᠲᠠᠭᠠᠬᠤ ᠶᠢ ᠪᠠᠷᠢᠮᠲᠠᠯᠠᠬᠤ ᠶᠢ ᠬᠡᠷᠬᠢᠨ ᠲᠣᠭᠲᠠᠭᠠᠭᠰᠠᠨ ᠪᠤᠢ︖ | ᠬᠠᠷᠢᠭᠤᠯᠲᠠ᠄ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠳᠤ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ᠂ ᠰᠠᠯᠠᠭ᠎ᠠ ᠮᠥᠴᠢᠷ ᠤᠨ ᠤᠳᠤᠷᠢᠳᠬᠤ | ᠪᠠᠭ ᠤᠨ ᠬᠤᠷᠠᠯ ᠢᠶᠠᠷ ᠶᠠᠷᠢᠯᠴᠠᠭᠤᠯᠵᠤ᠂ ᠵᠠᠰᠠᠭ ᠵᠠᠬᠢᠷᠭᠠᠨ ᠤ ᠳᠠᠷᠤᠭ᠎ᠠ ᠠᠴᠠ ᠬᠠᠮᠲᠤ ᠪᠠᠷ ᠶᠠᠷᠢᠯᠴᠠᠭᠰᠠᠨ ᠰᠠᠭᠤᠷᠢᠨ | ᠳᠡᠭᠡᠷ᠎ᠡ ᠲᠣᠭᠲᠠᠭᠠᠯ ᠭᠠᠷᠭᠠᠬᠤ ᠬᠡᠷᠡᠭᠲᠡᠢ᠃ ᠵᠠᠰᠠᠭ ᠵᠠᠬᠢᠷᠭᠠᠨ ᠤ ᠳᠠᠷᠤᠭ᠎ᠠ ᠶᠢᠨ ᠭᠠᠷᠭᠠᠬᠤ ᠪᠠᠷ ᠲᠥᠯᠥᠪᠯᠡᠵᠦ | ᠪᠠᠶᠢᠭ᠎ᠠ ᠲᠣᠭᠲᠠᠭᠠᠯ ᠨᠢ ᠬᠤᠷᠠᠯᠳᠤᠭᠠᠨ ᠤ ᠪᠦᠷᠢᠯᠳᠦᠭᠦᠨ ᠤ ᠣᠯᠠᠩᠬᠢ ᠬᠥᠮᠥᠰ ᠤᠨ ᠰᠠᠨᠠᠯ ᠲᠠᠢ ᠨᠢᠭᠡᠳᠦᠯ ᠦᠭᠡᠢ | ᠪᠠᠶᠢᠪᠠᠯ᠂ ᠬᠤᠷᠠᠯ ᠳᠡᠭᠡᠷ᠎ᠡ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ ᠬᠠᠮᠲᠤ ᠪᠠᠷ ᠶᠠᠷᠢᠯᠴᠠᠭᠰᠠᠨ | ᠪᠠᠶᠢᠳᠠᠯ ᠪᠠ ᠲᠣᠭᠲᠠᠭᠠᠯ ᠢ ᠦᠨᠡᠨ ᠮᠥᠨ ᠢᠶᠠᠷ ᠨᠢ ᠲᠡᠮᠳᠡᠭᠯᠡᠵᠦ᠂ ᠪᠦᠷᠢᠨ ᠪᠦᠲᠦᠨ ᠢᠶᠠᠷ ᠨᠢ ᠲᠠᠩᠰᠠ ᠡᠪᠬᠡᠮᠡᠯ ᠳᠤ | ᠣᠷᠣᠭᠤᠯᠬᠤ ᠬᠡᠷᠡᠭᠲᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |