ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ—︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︵ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ︶
ᠨᠡᠶᠢᠲᠡᠯᠡᠭᠰᠡᠨ ᠴᠠᠭ᠄
2023/5/23
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ      2021 ᠣᠨ ᠤ 1 ᠳ᠋ᠤᠭᠡᠷ ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠪᠠᠲᠤᠯᠠᠪᠠ᠂ ᠡᠳᠦᠭᠡ ᠨᠡᠶᠢᠳᠡᠯᠡᠶ᠎ᠡ᠂ 2021 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                 2021 ᠣᠨ ᠤ 1 ᠳ᠋ᠤᠭᠡᠷ ᠰᠠᠷ᠎ᠠ ᠶᠢᠨ 30 ᠤ ᠡᠳᠦᠷ      ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ      ᠵᠢᠷᠠᠨ ᠵᠢᠷᠭᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠰᠢᠳᠬᠡᠬᠦ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠵᠢᠷᠠᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂  ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠲᠠᠢ ᠬᠠᠮᠲᠤᠷᠠᠨ ᠰᠢᠭᠦᠮᠵᠢᠯᠡᠨ ᠬᠥᠮᠥᠵᠢᠭᠦᠯᠵᠦ᠂ ᠵᠠᠷᠯᠢᠭᠳᠠᠵᠤ ᠪᠠᠶᠢᠭᠠᠳ ᠵᠠᠯᠠᠷᠠᠭᠤᠯᠭ᠎ᠠ ᠬᠢᠯᠭᠡᠨ᠎ᠡ᠂᡾ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠳᠬᠡᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠨᠣᠮ ᠪᠢᠴᠢᠭ᠂ ᠰᠣᠨᠢᠨ ᠰᠡᠳᠬᠦᠯ᠂ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ᠂ ᠺᠢᠨᠣ᠋ ᠲᠧᠯᠸᠢᠰ᠂ ᠲᠣᠣᠷ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠭᠠᠵᠠᠷ ᠣᠷᠣᠨ ᠤ ᠨᠡᠷᠡᠶᠢᠳᠦᠯ᠂ ᠠᠵᠤ ᠠᠬᠤᠶᠢᠯᠠᠯ ᠤᠨ ᠨᠡᠷᠡᠶᠢᠳᠦᠯ᠂ ᠨᠡᠷᠡᠳᠤ ᠲᠡᠮᠳᠡᠭᠲᠦ ᠶᠢᠨ ᠲᠠᠸᠠᠷ ᠤᠨ ᠲᠡᠮᠳᠡᠭ᠂ ᠵᠠᠷ ᠮᠡᠳᠡᠭᠡ ᠮᠡᠳᠡᠭᠡ ᠵᠠᠩᠭᠢ ᠵᠡᠷᠭᠡ ᠲᠠᠯ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠦᠭᠡᠶᠢᠰᠬᠡᠭᠰᠡᠨ᠂ ᠦᠨᠳᠦᠰᠦᠲᠡᠨ ᠤ ᠵᠠᠩ ᠳᠠᠳᠬᠠᠯ ᠢ ᠭᠦᠳᠬᠡᠭᠰᠡᠨ᠂ ᠦᠨᠳᠦᠰᠦᠲᠡᠨ ᠤ ᠨᠡᠷ᠎ᠡ ᠬᠦᠨᠳᠦ ᠶᠢ ᠬᠤᠬᠢᠷᠠᠭᠤᠯᠤᠭᠰᠠᠨ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠤᠬᠢᠷᠠᠭᠤᠯᠤᠭᠰᠠᠨ ᠠᠭᠤᠯᠭ᠎ᠠ ᠢᠯᠡᠷᠡᠭᠰᠡᠨ᠃      ︵ᠬᠤᠶᠠᠷ︶ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠦᠭᠡ ᠶᠠᠷᠢᠶ᠎ᠠ ᠶᠢ ᠲᠠᠷᠬᠠᠭᠠᠬᠤ᠂ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠮᠡᠳᠡᠭᠡ ᠵᠠᠩᠭᠢ ᠶᠢ ᠴᠤᠭᠯᠠᠭᠤᠯᠬᠤ᠂ ᠵᠣᠬᠢᠶᠠᠬᠤ᠂ ᠬᠠᠩᠭᠠᠬᠤ᠂ ᠤᠯᠠᠮᠵᠢᠯᠠᠨ ᠲᠠᠷᠬᠠᠭᠠᠬᠤ᠂ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠦᠨᠳᠦᠰᠦᠲᠡᠨ ᠤ ᠬᠤᠷᠣᠰᠤᠯ ᠪᠠ ᠦᠨᠳᠦᠰᠦᠲᠡᠨ ᠤ ᠭᠠᠳᠠᠭᠤᠷᠴᠢᠯᠠᠯ ᠢ ᠥᠳᠥᠭᠡᠬᠦ ᠦᠢᠯᠡ ᠠᠵᠢᠯᠯᠠᠭ᠎ᠠ ᠶᠢ ᠬᠢᠭᠰᠡᠨ᠃      ︵ᠭᠤᠷᠪᠠ︶ ᠨᠡᠪᠴᠢᠯᠲᠡ ᠬᠢᠬᠦ ᠨᠤᠷᠠᠭᠠᠬᠤ ᠡᠪᠳᠡᠬᠦ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ ᠤ ᠬᠡᠲᠦᠷᠡᠮᠡᠬᠡᠢ ᠠᠵᠢᠯᠯᠠᠭ᠎ᠠ ᠶᠢ ᠬᠢᠭᠰᠡᠨ᠃      ᠵᠢᠷᠠᠨ ᠨᠠᠢᠮᠠᠳᠤᠭᠠᠷ ᠵᠦᠢᠯ ᠳᠣᠷᠣ ᠶᠢᠨ ᠪᠠᠶᠢᠭᠤᠯᠭ᠎ᠠ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠪᠤᠰᠤᠳ ᠵᠣᠬᠢᠶᠠᠨ ᠪᠠᠶᠢᠭᠤᠯᠤᠯᠲᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ  ᠨᠢ ᠪᠠᠶᠢᠪᠠᠯ᠂ ᠲᠡᠭᠦᠨ ᠤ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠤᠭᠤᠯᠤᠨ᠎ᠠ᠂ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠡᠯ᠎ᠡ ᠱᠠᠲᠤᠨ ᠤ ᠡᠯ᠎ᠡ ᠲᠦᠷᠦᠯ ᠤᠨ ᠲᠡᠷᠢᠭᠦᠨ ᠤ ᠬᠠᠮᠲᠤ ᠶᠢᠨ ᠰᠢᠯᠭᠠᠷᠠᠭᠤᠯᠤᠯᠲᠠ ᠳᠤ ᠣᠷᠣᠯᠴᠠᠵᠤ ᠪᠣᠯᠬᠤ ᠦᠭᠡᠢ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠠᠨ ᠮᠡᠳᠡᠭᠳᠡᠬᠦ ᠶᠢᠨ ᠬᠠᠮᠲᠤ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠤ ᠵᠣᠬᠢᠴᠠᠩᠭᠤᠢ ᠬᠠᠷᠢᠭᠤᠴᠠᠯᠭ᠎ᠠ ᠶᠢ ᠨᠡᠬᠡᠮᠵᠢᠯᠡᠨ᠎ᠡ᠄      ︵ᠨᠢᠭᠡ︶ ᠲᠤᠰ ᠳᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ᠃      ︵ᠬᠤᠶᠠᠷ︶ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠬᠦᠨᠳᠦ ᠨᠣᠴᠢᠲᠠᠢ ᠨᠥᠯᠥᠭᠡ ᠦᠵᠡᠭᠦᠯᠦᠭᠰᠡᠨ᠃      ︵ᠭᠤᠷᠪᠠ︶ ᠲᠤᠰ ᠨᠢᠭᠡᠴᠢ ᠶᠢᠨ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠵᠦ ᠠᠷᠢᠯᠭᠠᠭᠰᠠᠨ ᠦᠭᠡᠢ ᠠᠴᠠ ᠪᠣᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠥᠯᠥᠭᠡᠯᠡᠬᠦ ᠬᠠᠮᠲᠤᠯᠢᠭ ᠤᠨ ᠴᠢᠨᠠᠷᠲᠠᠢ ᠬᠡᠷᠡᠭ ᠭᠠᠷᠤᠭᠰᠠᠨ ᠪᠥᠭᠡᠳ ᠬᠦᠨᠳᠦ ᠨᠣᠴᠢᠲᠠᠢ ᠦᠷ᠎ᠡ ᠤᠷᠰᠢᠭ ᠭᠠᠷᠭᠠᠭᠰᠠᠨ᠃      ︵ᠳᠥᠷᠪᠡ︶ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ᠃      ᠵᠢᠷᠠ ᠶᠢᠰᠦᠳᠦᠭᠡᠷ ᠵᠦᠢᠯ ᠳᠣᠷᠣ ᠶᠢᠨ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠨᠠᠢᠮᠠᠳᠤᠭᠠᠷ ᠪᠦᠯᠦᠭ  ᠲᠠᠭᠠᠯᠳᠤᠭᠤᠯᠤᠭᠰᠠᠨ ᠳᠦᠷᠢᠮ      ᠳᠠᠯᠠᠳᠤᠭᠠᠷ ᠵᠦᠢᠯ ᠲᠤᠰ ᠳᠦᠷᠢᠮ ᠢ 2021 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1