ᠪᠦᠬᠦ ᠣᠷᠣᠨ ᠤ ᠪᠠᠶᠢᠴᠠᠭᠠᠬᠤ ᠪᠠᠶᠢᠭᠤᠯᠤᠯᠭ᠎ᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠬᠥᠬᠡᠬᠤᠲᠠ ᠶᠢᠨ ᠲᠣᠭᠲᠠᠬᠤ ᠰᠢᠶᠠᠨ ᠳᠤ ᠡᠬᠢᠯᠡᠪᠡ
ᠨᠡᠶᠢᠲᠡᠯᠡᠭᠰᠡᠨ ᠴᠠᠭ᠄
2023/5/24
      ᠣᠶᠢᠷ᠎ᠠ ᠳᠤ᠂ ︽ᠪᠥᠬᠦ ᠣᠷᠣᠨ ᠤ ᠪᠠᠶᠢᠴᠠᠭᠠᠬᠤ ᠪᠠᠶᠢᠭᠤᠯᠤᠯᠭ᠎ᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ︾ ᠬᠥᠬᠡᠬᠤᠲᠠ ᠶᠢᠨ ᠲᠣᠭᠲᠠᠬᠤ ᠰᠢᠶᠠᠨ ᠳᠤ ᠡᠬᠢᠯᠡᠪᠡ᠃ 3 ᠵᠢᠯ ᠤᠨ ᠬᠤᠭᠤᠴᠠᠭ᠎ᠠ ᠲᠠᠢ ᠨᠢᠭᠡᠳᠦᠯᠲᠡᠢ ᠠᠵᠢᠯᠯᠠᠭ᠎ᠠ ᠨᠢ ᠪᠠᠶᠢᠴᠠᠭᠠᠬᠤ ᠠᠵᠢᠯ ᠤᠨ ᠬᠠᠮᠵᠢᠯᠴᠠᠭ᠎ᠠ ᠶᠢ ᠴᠢᠩᠭᠠᠳᠬᠠᠬᠤ ᠪᠠᠷ ᠳᠠᠮᠵᠢᠭᠤᠯᠵᠤ᠂ ᠪᠦᠬᠦ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠰᠠᠬᠢᠨ ᠬᠠᠮᠠᠭᠠᠯᠠᠬᠤ ᠪᠣᠯᠣᠨ᠎ᠠ᠃      ᠣᠶᠢᠯᠠᠭᠠᠭᠰᠠᠨ ᠢᠶᠠᠷ᠂ ᠨᠢᠭᠡᠳᠦᠯᠲᠡᠢ ᠠᠵᠢᠯᠯᠠᠭᠠᠨ ᠤ ᠬᠤᠭᠤᠴᠠᠭᠠᠨ ᠳᠤ᠂ ᠪᠥᠬᠦ ᠣᠷᠣᠨ ᠤ ᠪᠠᠶᠢᠴᠠᠭᠠᠬᠤ ᠪᠠᠶᠢᠭᠤᠯᠤᠯᠭ᠎ᠠ ᠨᠤᠭᠤᠳ ᠤᠯᠤᠰ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠯᠳᠠ ᠬᠠᠮᠠᠭᠠᠯᠠᠯᠳᠠ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠣᠯᠠᠨ ᠡᠭᠦᠰᠳᠡᠭ ᠬᠦᠷᠢᠶ᠎ᠡ᠂ ᠭᠤᠣᠯ ᠮᠥᠷᠡᠨ ᠨᠠᠭᠤᠷ ᠴᠥᠭᠦᠷᠥᠮ ᠤᠨ ᠭᠤᠣᠯᠳᠠᠯᠭ᠎ᠠ ᠲᠠᠢ ᠰᠠᠪᠠ ᠭᠠᠵᠠᠷ ᠲᠤ ᠲᠤᠰᠬᠠᠢ ᠴᠡᠭᠴᠡᠯᠡᠨ ᠵᠠᠰᠠᠯᠲᠠ ᠥᠷᠨᠢᠭᠦᠯᠵᠦ᠂ ᠲᠤᠰᠬᠠᠢ ᠬᠢᠨᠠᠯᠲᠠ ᠲᠠᠯᠪᠢᠬᠤ ᠪᠠᠷ ᠳᠠᠮᠵᠢᠭᠤᠯᠤᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠡᠬᠢ ᠰᠤᠷᠪᠤᠯᠵᠢ ᠶᠢ ᠥᠭᠰᠥᠨ ᠵᠠᠰᠠᠬᠤ ᠠᠵᠢᠯ ᠢ ᠲᠦᠯᠬᠢᠨ ᠠᠬᠢᠭᠤᠯᠤᠨ᠎ᠠ︔ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ ᠪᠥᠬᠦ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ︽N + ᠪᠠᠶᠢᠴᠠᠭᠠᠬᠤ + ᠣᠷᠣᠨ ᠬᠤᠪᠢᠶᠠᠷᠢᠯᠠᠯ ᠠᠯᠤᠰᠯᠠᠭᠰᠠᠨ︾ ᠪᠣᠰᠤᠭ᠎ᠠ ᠴᠣᠭᠴᠠᠲᠤ ᠬᠢᠨᠠᠯᠲᠠ ᠶᠢᠨ ᠵᠠᠭᠪᠤᠷ ᠢ ᠪᠣᠶ ᠪᠣᠯᠭᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ︔ ᠬᠠᠲᠤᠨ ᠭᠤᠣᠯ ᠪᠠ ︽ᠨᠢᠭᠡ ᠨᠠᠭᠤᠷ ᠬᠤᠶᠠᠷ ᠲᠡᠯᠡᠶ︾ ᠪᠠᠷ ᠭᠤᠣᠯ ᠲᠠᠯᠠᠪᠤᠷ ᠪᠣᠯᠭᠠᠭᠰᠠᠨ᠂ ᠬᠠᠲᠤᠨ ᠭᠤᠣᠯ ᠳᠠᠭᠠᠤ ᠶᠢᠨ ᠲᠤᠯᠤᠭᠠᠨ ᠠᠶᠢᠮᠠᠭ ᠬᠤᠲᠠ ᠪᠠ ᠬᠥᠯᠥᠨ ᠪᠤᠶᠢᠷ᠂ ᠤᠯᠠᠭᠠᠨᠴᠠᠪ᠂ ᠪᠠᠶᠠᠨᠨᠠᠭᠤᠷ ᠤᠨ ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠬᠠᠮᠵᠢᠯᠴᠠᠬᠤ ᠣᠷᠣᠨ ᠢ ᠪᠠᠶᠢᠭᠤᠯᠵᠤ᠂ ᠪᠥᠬᠦ ᠣᠷᠣᠨ ᠢ ᠨᠥᠯᠥᠭᠡᠯᠡᠭᠰᠡᠨ ᠠᠮᠢ ᠠᠬᠤᠢ ᠶᠢᠨ ᠪᠠᠶᠢᠴᠠᠭᠠᠬᠤ ᠠᠵᠢᠯ ᠤᠨ ︽ᠶᠡᠭᠡ ᠬᠠᠮᠵᠢᠯᠴᠠᠭ᠎ᠠ︾ ᠶᠢᠨ ᠬᠠᠮᠠᠭᠠᠯᠠᠯᠲᠠ ᠶᠢᠨ ᠵᠠᠭᠪᠤᠷ ᠢ ᠪᠣᠶ ᠪᠣᠯᠭᠠᠵᠤ᠂ ᠰᠠᠪᠠ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃      ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠶ᠂ ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠪᠤᠭᠤᠲᠤ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ ᠬᠠᠲᠤᠨ ᠭᠤᠣᠯ ᠳᠠᠭᠠᠤ ᠶᠢᠨ ᠲᠤᠯᠤᠭᠠᠨ ᠠᠶᠢᠮᠠᠭ ᠬᠤᠲᠠ ᠶᠢᠨ ᠪᠠᠶᠢᠴᠠᠭᠠᠬᠤ ︵ᠬᠤᠪᠢᠶᠠᠷᠢ︶ ᠬᠤᠷᠢᠶ᠎ᠠ ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠴᠠᠭᠠᠯᠲᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠣᠷᠣᠨ ᠬᠤᠪᠢᠶᠠᠷᠢᠯᠠᠯ ᠠᠯᠤᠰᠯᠠᠭᠰᠠᠨ ᠬᠠᠷᠢᠶᠠᠯᠠᠯ ᠤᠨ ᠬᠠᠮᠵᠢᠯᠴᠠᠭᠠᠨ ᠤ ᠰᠠᠨᠠᠯ︾ ᠳᠤ ᠭᠠᠷ ᠤᠨ ᠥᠰᠥᠭ ᠵᠢᠷᠤᠪᠠ᠃ ︽ᠳᠡᠭᠡᠳᠦ ᠳᠣᠣᠷᠠᠳᠤ ᠤᠷᠤᠰᠬᠠᠯ ᠤᠨ ᠬᠢᠨ ᠢᠵᠢᠯ ᠠᠯᠬᠤᠮ ᠢᠶᠠᠷ ᠶᠠᠪᠤᠭᠳᠠᠬᠤ ᠦᠭᠡᠢ᠂ ᠵᠡᠭᠦᠨ ᠪᠠᠷᠠᠭᠤᠨ ᠡᠷᠭᠢ ᠶᠢᠨ ᠬᠢᠨ ᠠᠳᠠᠯᠢ ᠪᠤᠰᠤ︾ ᠰᠠᠪᠠ ᠭᠠᠵᠠᠷ ᠤᠨ ᠵᠠᠰᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠮᠠᠨ ᠤ ᠣᠷᠣᠨ ᠤ ︽ᠲᠠᠪᠤᠨ ᠭᠤᠣᠯ ᠳᠦᠷᠪᠡᠨ ᠨᠠᠭᠤᠷ︾ ᠤᠨ ᠰᠠᠪᠠ ᠭᠠᠵᠠᠷ ᠤᠨ ᠪᠠᠶᠢᠴᠠᠭᠠᠬᠤ ᠪᠠᠶᠢᠭᠤᠯᠤᠯᠭ᠎ᠠ ᠶᠢᠨ ᠣᠷᠣᠨ ᠪᠦᠰᠡ ᠠᠯᠤᠰᠯᠠᠭᠰᠠᠨ ᠬᠠᠷᠢᠶᠠᠯᠠᠯ ᠤᠨ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠬᠦ ᠳᠤ ᠦᠯᠢᠬᠡᠷ ᠵᠠᠭᠪᠤᠷ ᠬᠠᠩᠭᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1