ᠶᠡᠷᠦᠩᠬᠡᠶ ᠱᠦᠵᠢ ᠰᠢ ᠶᠢᠨ ᠫᠢᠩ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠨᠠᠮ ᠤᠨ | ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠪᠣᠯ ᠳᠠᠷᠤᠶ ᠵᠥᠪ ᠣᠨᠣᠪᠴᠢᠲᠠᠶ ᠪᠠᠶᠢᠬᠤ ᠶᠢ | ᠪᠠᠷᠢᠮᠲᠠᠯᠠᠵᠤ᠂ ᠴᠠᠭ ᠦᠶ᠎ᠡ ᠠᠴᠠ ᠬᠤᠴᠤᠷᠠᠭᠰᠠᠨ ᠢ ᠲᠣᠬᠢᠷᠠᠭᠤᠯᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠪᠠᠲᠤᠯᠠᠬᠤ ᠶᠠᠪᠤᠳᠠᠯ ᠮᠥᠨ᠃ ᠨᠡᠶᠢᠲᠡᠯᠢᠭ ᠴᠢᠨᠠᠷ | ᠪᠠ ᠵᠥᠷᠢᠶᠡᠲᠦ ᠴᠢᠨᠠᠷ ᠤᠨ ᠬᠠᠷᠢᠴᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠪᠠ ᠦᠨᠳᠦᠰᠦᠲᠡᠨ ᠨᠦᠭᠦᠳ ᠤᠨ ᠤᠬᠠᠮᠰᠠᠷ ᠤᠨ ᠬᠠᠷᠢᠴᠠᠭ᠎ᠠ᠂ ᠳᠤᠮᠳᠠᠳᠤ ᠶᠢᠨ ᠰᠣᠶᠣᠯ ᠪᠠ | ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ᠂ ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ | ᠡᠵᠡᠮᠰᠢᠬᠦ ᠬᠡᠷᠡᠭᠲᠡᠢ ᠭᠡᠵᠦ ᠵᠢᠭᠠᠨ ᠭᠠᠷᠭᠠᠪᠠ᠃ ᠡᠳᠡᠭᠡᠷ ᠴᠢᠬᠤᠯᠠ ᠥᠭᠦᠯᠡᠯᠲᠡ ᠪᠣᠯ ᠮᠠᠨ ᠤ ᠤᠯᠤᠰ ᠤᠨ | ᠦᠨᠳᠦᠰᠦᠨ ᠤᠯᠤᠰ ᠤᠨ ᠪᠠᠶᠢᠳᠠᠯ ᠪᠠ ᠲᠡᠦᠬᠡᠨ ᠤᠯᠠᠮᠵᠢᠯᠠᠯ ᠢ ᠣᠨᠣᠪᠴᠢᠲᠠᠢ ᠡᠵᠡᠮᠰᠢᠬᠦ᠂ ᠳᠤᠮᠳᠠᠳᠤ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠮ᠎ᠡ ᠶᠣᠰᠣ ᠶᠢ ᠭᠦᠨᠵᠡᠭᠡᠢ ᠢᠯᠡᠷᠡᠭᠦᠯᠵᠦ᠂ ᠪᠣᠳᠠᠰᠴᠢ | ᠬᠤᠪᠢᠰᠤᠩᠭᠤᠢ ᠠᠷᠭ᠎ᠠ ᠶᠢᠨ ᠤᠶᠤᠨ ᠤᠬᠠᠭᠠᠨ ᠢᠶᠠᠷ ᠨᠠᠮ ᠤᠨ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠠᠷᠭ᠎ᠠ ᠪᠠ ᠵᠢᠯᠣᠭᠤᠳᠬᠤ ᠵᠠᠷᠴᠢᠮ ᠬᠠᠩᠭᠠᠵᠤ᠂ ᠳᠤᠮᠳᠠᠳᠤ ᠶᠢᠨ | ᠦᠨᠳᠦᠰᠦᠲᠡᠨ ᠢ ᠬᠥᠲᠥᠯᠥᠨ ᠳᠠᠭᠠᠭᠤᠯᠵᠤ ᠨᠡᠩ ᠥᠨᠳᠥᠷ ᠳᠡᠰ ᠳᠠᠪᠬᠤᠷᠭ᠎ᠠ ᠳᠤ ᠶᠡᠭᠡ ᠪᠦᠯᠬᠦᠮᠳᠡᠯ ᠶᠡᠭᠡ | ᠳᠠᠪᠰᠢᠯᠲᠠ ᠶᠢ ᠪᠡᠶᠡᠯᠡᠭᠦᠯᠬᠦ ᠨᠢ ᠯᠠᠪᠲᠠᠢ ᠶᠤᠮ᠃ | ᠮᠠᠨ ᠤ ᠤᠯᠤᠰ ᠪᠣᠯ ᠣᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ᠂ ᠳᠤᠮᠳᠠᠳᠤ ᠶᠢᠨ ᠦᠨᠳᠦᠰᠦᠲᠡᠨ ᠤ | ᠣᠯᠠᠨ ᠡᠰᠢᠲᠦ ᠨᠢᠭᠡ ᠴᠣᠭᠴᠠ ᠪᠣᠯ ᠮᠠᠨ ᠤ ᠤᠯᠤᠰ ᠤᠨ ᠨᠢᠭᠡᠨ ᠶᠡᠭᠡ ᠣᠨᠴᠠᠯᠢᠭ ᠪᠣᠯᠬᠤ ᠪᠥᠭᠡᠳ ᠮᠦᠨ ᠴᠤ | ᠮᠠᠨ ᠤ ᠤᠯᠤᠰ ᠤᠨ ᠬᠥᠭᠵᠢᠯᠲᠡ ᠶᠢᠨ ᠨᠢᠭᠡᠨ ᠶᠡᠭᠡ ᠠᠰᠢᠭᠲᠠᠶ ᠬᠦᠴᠦᠨ ᠵᠦᠢᠯ ᠪᠣᠯᠤᠨ᠎ᠠ᠃ ᠶᠡᠷᠦᠩᠬᠡᠶ ᠱᠦᠵᠢ | ᠰᠢ ᠶᠢᠨ ᠫᠢᠩ᠂ ︽ᠳᠤᠮᠳᠠᠳᠤ ᠤᠯᠤᠰ ᠤᠨ ᠲᠡᠤᠬᠡ ᠪᠣᠯ ᠳᠠᠷᠤᠶ ᠦᠨᠳᠦᠰᠦᠲᠡᠨ ᠨᠦᠭᠦᠳ ᠤᠨ ᠠᠭᠤᠰᠤᠯᠴᠠᠯ ᠢ | ᠤᠯᠠᠨ ᠡᠰᠢᠴᠢᠯᠡᠭᠰᠡᠨ ᠳᠤᠮᠳᠠᠳᠤ ᠶᠢᠨ ᠦᠨᠳᠦᠰᠦᠲᠡᠨ ᠤ ᠲᠡᠤᠬᠡ ᠪᠣᠯᠭᠠᠨ ᠨᠢᠭᠲᠠᠷᠠᠭᠤᠯᠤᠨ᠎ᠠ᠂ ᠳᠠᠷᠤᠢ | ᠦᠨᠳᠦᠰᠦᠲᠡᠨ ᠨᠦᠭᠦᠳ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠦᠭᠰᠡᠨ ᠠᠭᠤᠤ ᠶᠡᠭᠡ | ᠡᠬᠡ ᠤᠯᠤᠰ ᠤᠨ ᠲᠡᠦᠬᠡ ᠮᠥᠨ︾ ᠭᠡᠵᠦ ᠭᠦᠨᠵᠡᠭᠡᠶ ᠵᠢᠭᠠᠵᠤ ᠭᠠᠷᠭᠠᠪᠠ᠃ ᠮᠠᠨ ᠤ ᠥᠷᠭᠡᠨ ᠠᠭᠤᠳᠠᠮ ᠨᠤᠲᠤᠭ | ᠳᠡᠪᠢᠰᠬᠡᠷ ᠪᠣᠯ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠭᠰᠡᠨ ᠶᠤᠮ᠂ ᠮᠠᠨ ᠤ ᠥᠨᠢ ᠤᠳᠠᠭᠠᠨ ᠲᠡᠦᠬᠡ ᠶᠢ | ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ᠂ ᠮᠠᠨ ᠤ ᠭᠡᠷᠡᠯ ᠰᠠᠴᠤᠷᠠᠩᠭᠤᠢ ᠰᠣᠶᠣᠯ ᠢ | ᠦᠨᠳᠦᠰᠦᠲᠡᠨ ᠨᠦᠭᠦᠳ ᠬᠠᠮᠲᠤ ᠪᠠᠷ ᠡᠭᠦᠳᠦᠨ ᠪᠦᠲᠦᠭᠡᠭᠰᠡᠨ ᠶᠤᠮ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ | ᠦᠨᠳᠦᠰᠦᠲᠡᠨ ᠨᠦᠭᠦᠳ ᠬᠠᠮᠲᠤ ᠪᠠᠷ ᠪᠤᠶᠢᠵᠢᠭᠤᠯᠤᠭᠰᠠᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠳᠤᠮᠳᠠᠳᠤ ᠶᠢᠨ | ᠦᠨᠳᠦᠰᠦᠲᠡᠨ ᠤ ᠶᠡᠭᠡ ᠭᠡᠷ ᠪᠦᠯᠢ ᠳᠤ ᠬᠠᠷᠢᠯᠴᠠᠨ ᠳᠣᠲᠣᠨᠣᠴᠢᠯᠠᠵᠤ᠂ ᠬᠠᠷᠢᠯᠴᠠᠨ ᠬᠪᠰᠤᠷᠠᠯᠴᠠᠵᠤ ᠰᠠᠬᠢᠨ | ᠪᠠᠷᠠᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠠᠬᠢᠴᠠ ᠳᠤᠮᠳᠠ᠂ ᠵᠡᠭᠦᠨ ᠪᠠᠷᠠᠭᠤᠨ ᠣᠷᠣᠨ ᠤ ᠠᠵᠢᠯ ᠲᠦᠷᠦᠯ ᠢᠶᠠᠷ ᠢᠶᠠᠨ ᠶᠠᠳᠠᠭᠤ ᠶᠢ ᠲᠡᠳᠬᠦᠵᠦ | ᠬᠠᠮᠵᠢᠯᠴᠠᠨ ᠲᠡᠳᠬᠦᠬᠦ ︽ ᠹᠦᠵᠢᠶᠠᠨ ᠨᠢᠩᠰᠢᠶᠠ ᠶᠢᠨ ᠵᠠᠭᠪᠤᠷ︾ ᠢ ᠪᠦᠲᠦᠭᠡᠵᠦ᠂ ᠭᠤᠸᠠᠩᠳᠦ᠋ᠩ ᠤᠨ ᠵᠦᠬᠠᠢ ᠪᠠ | ᠶᠦᠨᠨᠠᠨ ᠤ ᠨᠤᠨ ᠮᠦᠷᠡᠨ ᠲᠠᠢ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠵᠦ᠂ ᠬᠠᠷᠢᠯᠴᠠᠨ ᠬᠪᠰᠤᠷᠠᠯᠴᠠᠵᠤ | ᠰᠠᠬᠢᠨ ᠪᠠᠷᠠᠯᠠᠬᠤ ︽ᠨᠦᠵᠢᠶᠠᠩ ᠵᠦᠬᠠᠢ ᠶᠢᠨ ᠬᠠᠶᠢᠷ᠎ᠠ︾᠂ ᠠᠵᠢᠯ ᠲᠦᠷᠦᠯ ᠢᠶᠠᠷ ᠢᠶᠠᠨ ᠰᠢᠨᠵᠢᠶᠠᠩ ᠢ ᠲᠤᠰᠠᠯᠠᠬᠤ᠂ | ᠠᠵᠢᠯ ᠲᠦᠷᠦᠯ ᠢᠶᠠᠷ ᠢᠶᠠᠨ ᠲᠥᠪᠡᠳ ᠢ ᠲᠤᠰᠠᠯᠠᠬᠤ ᠳᠤᠮᠳᠠ ᠨᠡᠩ ᠴᠤ ᠲᠤᠭ᠎ᠠ ᠲᠣᠮᠰᠢ ᠦᠭᠡᠢ ︽ᠲᠦᠷᠦᠯ | ᠰᠠᠳᠤᠨ︾ ᠤ ᠬᠠᠷᠢᠴᠠᠭ᠎ᠠ᠂ ᠲᠤᠭ᠎ᠠ ᠲᠣᠮᠰᠢ ᠦᠭᠡᠢ ᠰᠡᠳᠬᠢᠯ ᠬᠥᠳᠡᠯᠭᠡᠮ᠎ᠡ ᠦᠯᠢᠭᠡᠷ ᠦᠯᠡᠳᠡᠭᠡᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠤᠯᠢᠯᠴᠠᠭ᠎ᠠ᠂ | ᠭᠦᠨᠵᠡᠭᠡᠢ ᠠᠭᠤᠰᠤᠯᠴᠠᠬᠤ ᠶᠢ ᠠᠬᠢᠭᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ | ᠲᠡᠮᠡᠴᠡᠬᠦ ᠳᠤᠮᠳᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠠᠷᠢᠯᠴᠠᠨ ᠲᠤᠰᠠᠯᠠᠵᠤ᠂ ᠨᠢᠭᠡ ᠭᠡᠷ ᠮᠡᠳᠦ | ᠳᠣᠲᠣᠨᠣ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠬᠦᠴᠦᠷᠬᠡᠭ ᠶᠡᠭᠡ ᠬᠦᠴᠦᠨ ᠢ ᠭᠦᠢᠴᠡᠳ | ᠢᠯᠡᠷᠡᠭᠦᠯᠪᠡ᠃ ᠨᠡᠶᠢᠲᠡᠯᠢᠭ ᠴᠢᠨᠠᠷ ᠢ ᠨᠡᠮᠡᠭᠳᠡᠭᠦᠯᠬᠦ᠂ ᠵᠥᠷᠢᠶᠡᠲᠦ ᠴᠢᠨᠠᠷ ᠢ ᠬᠦᠨᠳᠦᠳᠬᠡᠬᠦ ᠪᠠ ᠪᠠᠭᠳᠠᠭᠠᠬᠤ ᠪᠣᠯ | ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠵᠠᠷᠴᠢᠮ ᠮᠥᠨ ᠭᠡᠳᠡᠭ ᠢ ᠦᠢᠯᠡᠳᠦᠯᠭᠡ ᠳᠤ ᠭᠦᠢᠴᠡᠳ | ᠭᠡᠷᠡᠴᠢᠯᠡᠪᠡ᠃ ᠭᠠᠭᠴᠠ ᠬᠦ ᠦᠨᠳᠦᠰᠦᠲᠡᠨ ᠨᠦᠭᠦᠳ ᠬᠠᠷᠢᠯᠴᠠᠨ ᠬᠠᠶᠢᠷᠠᠯᠠᠵᠤ᠂ ᠬᠠᠷᠢᠯᠴᠠᠨ ᠬᠦᠨᠳᠦᠳᠬᠡᠵᠦ᠂ | ᠪᠦᠯᠬᠦᠮᠳᠡᠨ ᠲᠡᠮᠡᠴᠡᠪᠡᠯ ᠰᠠᠶ᠋ᠢ ᠠᠭᠤᠤ ᠶᠡᠭᠡ ᠡᠬᠡ ᠤᠯᠤᠰ ᠤᠨ ᠭᠡᠷᠡᠯ ᠰᠠᠴᠤᠷᠠᠩᠭᠤᠶ ᠠᠮᠵᠢᠯᠲᠠ ᠶᠢ ᠬᠠᠮᠲᠤ ᠪᠠᠷ | ᠡᠭᠦᠳᠦᠨ ᠪᠦᠲᠦᠭᠡᠵᠦ ᠴᠢᠳᠠᠨ᠎ᠠ᠃ | ᠳᠤᠮᠳᠠᠳᠤ ᠶᠢᠨ ᠦᠨᠳᠦᠰᠦᠲᠡᠨ ᠨᠦᠭᠦᠳ ᠪᠦᠯᠬᠦᠮᠳᠡᠨ ᠠᠭᠤᠰᠤᠯᠴᠠᠵᠤ᠂ ᠤᠯᠠᠨ ᠡᠰᠢᠲᠦ ᠪᠠᠶᠢᠭᠰᠠᠨ ᠨᠢ | ᠨᠢᠭᠡ ᠴᠣᠭᠴᠠ ᠪᠣᠯᠵᠤ ᠪᠠᠶᠢᠬᠤ ᠨᠢ ᠦᠨᠳᠦᠰᠦᠲᠡᠨ ᠨᠦᠭᠦᠳ ᠤᠨ ᠰᠣᠶᠣᠯ ᠤᠨ ᠲᠠᠯ᠎ᠠ ᠪᠠᠷ ᠬᠠᠮᠲᠤ ᠣᠷᠣᠰᠢᠬᠤ᠂ | ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠨ ᠣᠷᠣᠰᠢᠬᠤ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ | ᠬᠠᠷᠢᠯᠴᠠᠨ ᠳᠣᠲᠣᠨᠣᠰᠤᠭ ᠠᠴᠠ ᠢᠷᠡᠯᠲᠡ ᠲᠠᠢ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ | ᠨᠢᠭᠡᠳᠦᠯ ᠢ ᠬᠥᠭᠡᠭᠡᠴᠡᠯᠳᠦᠬᠦ ᠳᠣᠲᠣᠭᠠᠳᠤ ᠬᠥᠳᠡᠯᠭᠡᠬᠦ ᠬᠦᠴᠦᠨ ᠠᠴᠠ ᠡᠬᠢ ᠡᠭᠦᠰᠦᠯ ᠲᠠᠢ ᠶᠤᠮ᠃ ᠳᠤᠮᠳᠠᠳᠤ ᠶᠢᠨ | ᠦᠨᠳᠦᠰᠦᠲᠡᠨ ᠪᠣᠯᠣᠨ ᠡᠯ᠎ᠡ ᠦᠨᠳᠦᠰᠦᠲᠡᠨ ᠤ ᠬᠠᠷᠢᠴᠠᠭ᠎ᠠ ᠪᠣᠯ ᠨᠢᠭᠡᠨ ᠶᠡᠭᠡ ᠭᠡᠷ ᠪᠦᠯᠢ ᠪᠣᠯᠣᠨ ᠭᠡᠷ ᠪᠦᠯᠢ ᠶᠢᠨ | ᠪᠦᠷᠢᠯᠳᠦᠬᠦᠨ ᠤ ᠬᠠᠷᠢᠴᠠᠭ᠎ᠠ ᠮᠥᠨ᠂ ᠡᠯ᠎ᠡ ᠦᠨᠳᠦᠰᠦᠲᠡᠨ ᠤ ᠬᠤᠭᠤᠷᠣᠨᠳᠣᠬᠢ ᠬᠠᠷᠢᠴᠠᠭ᠎ᠠ ᠪᠣᠯ ᠨᠢᠭᠡᠨ ᠶᠡᠭᠡ ᠭᠡᠷ | ᠪᠦᠯᠢ ᠶᠢᠨ ᠠᠳᠠᠯᠢ ᠪᠤᠰᠤ ᠪᠦᠷᠢᠯᠳᠦᠬᠦᠨ ᠤ ᠬᠠᠷᠢᠴᠠᠭ᠎ᠠ ᠮᠥᠨ᠃ ᠡᠶᠢᠮᠦ ᠠᠴᠠ ᠦᠨᠳᠦᠰᠦᠲᠡᠨ ᠨᠦᠭᠦᠳ ᠤᠨ | ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠶᠢ ᠬᠦᠳᠦᠯᠦᠨ | ᠵᠢᠯᠤᠭᠤᠳᠤᠨ᠎ᠠ᠂ ᠲᠤᠰ ᠦᠨᠳᠦᠰᠦᠲᠡᠨ ᠤ ᠤᠬᠠᠮᠰᠠᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠳᠠᠭᠠᠬᠤ ᠪᠠ ᠲᠡᠭᠦᠨ ᠳᠤ ᠦᠢᠯᠡᠴᠢᠯᠡᠬᠦ ᠶᠢᠨ ᠬᠠᠮᠲᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ ᠶᠠᠪᠤᠴᠠ ᠳᠤ ᠦᠨᠳᠦᠰᠦᠲᠡᠨ ᠨᠦᠭᠦᠳ ᠤᠨ | ᠪᠣᠳᠠᠲᠠᠢ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠬᠢᠲᠠᠳᠴᠢᠯᠠᠬᠤ ᠦᠵᠡᠯ ᠪᠠ ᠣᠷᠣᠨ ᠨᠤᠲᠤᠭ ᠤᠨ | ᠦᠨᠳᠦᠰᠦᠲᠡᠨ ᠤ ᠦᠵᠡᠯ ᠨᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠳᠤ ᠠᠰᠢᠭ ᠦᠭᠡᠢ ᠶᠤᠮ᠃ | ᠮᠠᠨ ᠤ ᠤᠯᠤᠰ ᠪᠣᠯ ᠨᠢᠭᠡᠨ ᠦᠨᠳᠦᠰᠦᠲᠡᠨ ᠤ ᠰᠣᠶᠣᠯ ᠤᠨ ᠪᠠᠶᠠᠯᠢᠭ ᠰᠠᠶᠢᠬᠠᠨ ᠤᠯᠤᠰ ᠪᠣᠯᠤᠨ᠎ᠠ᠃ ᠮᠠᠨ ᠤ | ᠤᠯᠤᠰ ᠤᠨ 5000 ᠭᠠᠷᠤᠶ ᠵᠢᠯ ᠤᠨ ᠪᠣᠯᠪᠠᠰᠤᠨ ᠤ ᠬᠥᠭᠵᠢᠯᠲᠡ ᠶᠢᠨ ᠲᠡᠦᠬᠡᠨ ᠳᠡᠭᠡᠷ᠎ᠡ᠂ ᠦᠨᠳᠦᠰᠦᠲᠡᠨ ᠨᠦᠭᠦᠳ | ᠡᠬᠡ ᠤᠯᠤᠰ ᠤᠨ ᠢᠶᠠᠨ ᠦᠵᠡᠰᠬᠦᠯᠡᠩᠲᠦ ᠰᠠᠶᠢᠬᠠᠨ ᠠᠭᠤᠯᠠ ᠤᠰᠤ᠂ ᠥᠷᠭᠡᠨ ᠠᠭᠤᠳᠠᠮ ᠬᠢᠯᠢ ᠬᠢᠵᠠᠭᠠᠷ ᠢ | ᠬᠠᠮᠲᠤ ᠪᠠᠷ ᠨᠡᠭᠡᠭᠡᠨ ᠬᠥᠭᠵᠢᠭᠦᠯᠵᠦ᠂ ᠥᠨᠢ ᠤᠳᠠᠭᠠᠨ ᠳᠤᠮᠳᠠᠳᠤ ᠤᠯᠤᠰ ᠤᠨ ᠲᠡᠦᠬᠡ᠂ ᠭᠡᠷᠡᠯ ᠰᠠᠴᠤᠷᠠᠩᠭᠤᠢ | ᠳᠤᠮᠳᠠᠳᠤ ᠶᠢᠨ ᠰᠣᠶᠣᠯ ᠢ ᠬᠠᠮᠲᠤ ᠪᠠᠷ ᠡᠭᠦᠳᠴᠦ᠂ ᠠᠭᠤᠤ ᠶᠡᠭᠡ ᠡᠭᠦᠳᠦᠨ ᠪᠦᠲᠦᠭᠡᠬᠦ ᠵᠣᠷᠢᠭ ᠰᠠᠨᠠᠭ᠎ᠠ᠂ ᠠᠭᠤᠤ | ᠶᠡᠭᠡ ᠲᠡᠮᠡᠴᠡᠯ ᠤᠨ ᠵᠣᠷᠢᠭ ᠰᠠᠨᠠᠭ᠎ᠠ᠂ ᠠᠭᠤᠤ ᠶᠡᠭᠡ ᠪᠦᠯᠬᠦᠮᠳᠡᠯ ᠤᠨ ᠵᠣᠷᠢᠭ ᠰᠠᠨᠠᠭ᠎ᠠ᠂ ᠠᠭᠤᠤ ᠶᠡᠭᠡ ᠬᠦᠰᠡᠯ | ᠵᠡᠭᠦᠳᠦ ᠶᠢᠨ ᠵᠣᠷᠢᠭ ᠰᠠᠨᠠᠭ᠎ᠠ ᠪᠠᠷ ᠦᠨᠳᠦᠰᠦᠨ ᠠᠭᠤᠯᠤᠭᠳᠠᠬᠤᠨ ᠪᠣᠯᠭᠠᠭᠰᠠᠨ ᠳᠤᠮᠳᠠᠳᠤ ᠶᠢᠨ ᠦᠨᠳᠦᠰᠦᠲᠡᠨ ᠤ | ᠵᠣᠷᠢᠭ ᠰᠠᠨᠠᠭ᠎ᠠ ᠶᠢ ᠬᠠᠮᠲᠤ ᠪᠠᠷ ᠪᠤᠶᠢᠵᠢᠭᠤᠯᠵᠠᠢ᠃ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ | ᠪᠣᠯ ᠴᠥᠮ ᠳᠤᠮᠳᠠᠳᠤ ᠶᠢᠨ ᠰᠣᠶᠣᠯ ᠤᠨ ᠪᠦᠷᠢᠯᠳᠦᠬᠦᠨ ᠬᠡᠰᠡᠭ ᠮᠥᠨ᠂ ᠳᠤᠮᠳᠠᠳᠤ ᠶᠢᠨ ᠰᠣᠶᠣᠯ ᠪᠣᠯ ᠭᠤᠣᠯ | ᠵᠦᠢᠯ ᠮᠥᠨ᠂ ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠡᠰᠢ ᠨᠢ | ᠴᠢᠬᠢᠷᠠᠭ ᠪᠠᠶᠢᠪᠠᠯ ᠰᠠᠶ᠋ᠢ ᠰᠠᠯᠠᠭ᠎ᠠ ᠨᠠᠮᠠᠭ᠎ᠠ ᠨᠢ ᠢᠭᠴᠤ ᠰᠠᠬᠤᠯᠢᠭ ᠤᠷᠭᠤᠵᠤ ᠴᠢᠳᠠᠨ᠎ᠠ᠃ ᠳᠤᠮᠳᠠᠳᠤ ᠤᠯᠤᠰ ᠤᠨ | ᠲᠡᠦᠬᠡ ᠪᠤᠯ ᠳᠠᠷᠤᠢ ᠨᠢᠭᠡᠳᠦᠭᠰᠡᠨ ᠤᠯᠠᠨ ᠦᠨᠳᠦᠰᠦᠲᠡᠨ ᠠᠴᠠ ᠪᠦᠷᠢᠯᠳᠦᠭᠰᠡᠨ ᠬᠥᠭᠵᠢᠯᠲᠡ ᠶᠢᠨ ᠲᠡᠦᠬᠡ᠂ | ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠠᠴᠠ ᠪᠦᠷᠢᠯᠳᠦᠭᠰᠡᠨ | ᠬᠥᠭᠵᠢᠯᠲᠡ ᠶᠢᠨ ᠲᠡᠦᠬᠡ᠂ ︽ᠶᠡᠭᠡ ᠨᠢᠭᠡᠳᠦᠯ︾ ᠤᠨ ᠲᠥᠯᠥᠭᠡ ᠵᠢᠳᠬᠦᠬᠦ ᠮᠥᠷᠲᠡᠭᠡᠨ ᠪᠠᠰᠠ ᠵᠥᠷᠢᠶ᠎ᠡ ᠶᠢ | ᠬᠦᠨᠳᠦᠳᠬᠡᠬᠦ ᠳᠤᠮᠳᠠᠳᠤ ᠶᠢᠨ ᠤᠯᠤᠰ ᠲᠦᠷᠦ ᠶᠢᠨ ᠪᠣᠯᠪᠠᠰᠤᠨ ᠤ ᠪᠦᠷᠢᠯᠳᠦᠭᠰᠡᠨ ᠬᠥᠭᠵᠢᠯᠲᠡ ᠶᠢᠨ ᠲᠡᠦᠬᠡ᠂ | ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠪᠦᠷᠢᠯᠳᠦᠭᠰᠡᠨ ᠬᠥᠭᠵᠢᠯᠲᠡ ᠶᠢᠨ ᠲᠡᠦᠬᠡ ᠪᠣᠯᠣᠨ᠎ᠠ᠂ ᠡᠨᠡ ᠪᠣᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶᠢᠵᠢᠭᠤᠯᠬᠤ ᠭᠦᠨ ᠵᠤᠵᠠᠭᠠᠨ | ᠲᠡᠦᠬᠡ ᠶᠢᠨ ᠦᠨᠳᠦᠰᠦ ᠰᠠᠭᠤᠷᠢ ᠮᠥᠨ᠃ | ᠦᠨᠳᠦᠰᠦᠲᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠳᠤ᠂ ᠪᠣᠳᠠᠰ ᠤᠨ ᠲᠠᠯ᠎ᠠ ᠶᠢᠨ ᠠᠰᠠᠭᠤᠳᠠᠯ ᠢ | ᠰᠠᠶᠢᠲᠤᠷ ᠰᠢᠢᠳᠪᠦᠷᠢᠯᠡᠵᠦ᠂ ᠤᠶᠤᠨ ᠰᠠᠨᠠᠭᠠᠨ ᠤ ᠲᠠᠯ᠎ᠠ ᠶᠢᠨ ᠠᠰᠠᠭᠤᠳᠠᠯ ᠢ ᠴᠦ ᠰᠠᠶᠢᠲᠤᠷ ᠰᠢᠢᠳᠪᠦᠷᠢᠯᠡᠬᠦ | ᠬᠡᠷᠡᠭᠲᠡᠢ᠃ ᠨᠢᠭᠡ ᠲᠠᠯ᠎ᠠ ᠪᠠᠷ᠂ ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ ᠤ ᠭᠠᠵᠠᠷ ᠣᠷᠣᠨ ᠤ | ᠬᠥᠭᠵᠢᠯᠲᠡ ᠶᠢ ᠲᠦᠷᠭᠡᠳᠬᠡᠵᠦ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠢᠭᠡ | ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ︔ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ︾᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠣᠳᠠᠰ ᠤᠨ ᠰᠠᠭᠤᠷᠢ ᠶᠢ ᠲᠠᠰᠤᠷᠠᠯᠳᠠ ᠦᠭᠡᠢ | ᠪᠠᠬᠢᠵᠢᠭᠦᠯᠦᠨ᠎ᠡ᠃ ᠨᠥᠭᠦᠭᠡ ᠲᠠᠯ᠎ᠠ ᠪᠠᠷ᠂ ᠪᠣᠳᠠᠰ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ | ᠲᠡᠭᠡᠭᠰᠢᠯᠡᠭᠦᠯᠬᠦ ᠶᠢᠨ ᠬᠠᠮᠲᠤ᠂ ᠣᠶᠤᠨ ᠤ ᠠᠮᠢᠳᠤᠷᠠᠯ ᠴᠤ ᠡᠷᠡᠭᠦᠯ ᠥᠭᠡᠳᠡᠷᠬᠡᠭ᠂ ᠪᠠᠶᠠᠯᠢᠭ ᠰᠠᠶᠢᠬᠠᠨ ᠪᠠᠶᠢᠬᠤ | ᠬᠡᠷᠡᠭᠲᠡᠶ᠃ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠠᠯ ᠢ | ᠡᠰᠡᠷᠭᠦᠴᠡᠬᠦ ᠶᠢᠨ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ | ᠨᠢᠭᠲᠠᠷᠠᠭᠤᠯᠬᠤ ᠠᠴᠢ ᠬᠤᠯᠪᠣᠭᠳᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠳᠡᠷᠡᠰᠢ | ᠦᠭᠡᠢ ᠪᠠᠲᠤ ᠪᠠᠬᠢ ᠪᠤᠯᠭᠠᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ | ᠵᠢᠯᠤᠭᠤᠳᠤᠯᠭ᠎ᠠ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ | ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠬᠤ ᠪᠠ ᠲᠤᠪᠤᠶᠢᠯᠭᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠪᠠᠭᠲᠠᠭᠠᠮᠵᠢᠲᠤ ᠴᠢᠨᠠᠷ ᠢᠶᠠᠷ ᠨᠡᠩ ᠴᠢᠩᠭ᠎ᠠ᠂ ᠨᠢᠭᠲᠠᠷᠠᠯ ᠤᠨ ᠬᠦᠴᠦᠨ ᠢᠶᠠᠷ ᠨᠡᠩ ᠶᠡᠭᠡ ᠬᠤᠪᠢ | ᠵᠠᠶᠠᠭᠠᠨ ᠤ ᠬᠠᠮᠲᠤ ᠶᠢᠨ ᠴᠣᠭᠴᠠ ᠲᠡᠶᠢᠰᠢ ᠤᠷᠤᠭᠰᠢᠯᠠᠬᠤ ᠶᠢ ᠠᠬᠢᠭᠤᠯᠤᠨ᠎ᠠ᠃ | ᠶᠡᠷᠦᠩᠬᠡᠶ ᠱᠦᠵᠢ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ | ᠴᠤᠭᠴᠠᠵᠢᠭᠰᠠᠨ ᠪᠠᠶᠢᠷᠢᠰᠢᠯ ᠳᠠᠬᠢ ︽ᠨᠢᠭᠡ ᠴᠣᠭᠴᠠ ᠨᠢ ᠣᠯᠠᠨ ᠡᠰᠢᠵᠢᠯ ᠢ ᠪᠠᠭᠲᠠᠭᠠᠵᠤ᠂ ᠣᠯᠠᠨ ᠡᠰᠢᠵᠢᠯ ᠨᠢᠭᠡ | ᠴᠣᠭᠴᠠᠵᠢᠭᠤᠯᠵᠤ᠂ ᠨᠢᠭᠡ ᠴᠣᠭᠴᠠ ᠨᠢ ᠣᠯᠠᠨ ᠡᠰᠢᠲᠦ ᠠᠴᠠ ᠰᠠᠯᠵᠤ ᠴᠢᠳᠠᠬᠤ ᠥᠬᠡᠶ᠂ ᠣᠯᠠᠨ ᠡᠰᠢᠲᠦ ᠨᠢ ᠴᠦ | ᠨᠢᠭᠡ ᠴᠤᠭᠴᠠ ᠠᠴᠠ ᠰᠠᠯᠵᠤ ᠴᠢᠳᠠᠬᠤ ᠥᠬᠡᠶ᠂ ᠨᠢᠭᠡ ᠴᠣᠭᠴᠠ ᠨᠢ ᠭᠤᠤᠯ ᠰᠢᠵᠢᠮ ᠪᠠ ᠴᠢᠭᠯᠡᠯ ᠮᠥᠨ᠂ ᠣᠯᠠᠨ | ᠡᠰᠢᠵᠢᠯ ᠨᠢ ᠡᠯᠧᠮᠧᠨ᠋ᠲ ᠪᠠ ᠬᠥᠳᠡᠯᠭᠡᠬᠦ ᠬᠦᠴᠦᠨ ᠮᠥᠨ᠂ ᠬᠤᠶᠠᠭᠤᠯᠠ ᠶᠢᠨ ᠬᠤᠪᠢᠰᠤᠩᠭᠤᠶ ᠨᠢᠭᠡᠳᠦᠯ︾ ᠮᠥᠨ | ᠭᠡᠵᠦ ᠵᠢᠭᠠᠨ ᠭᠠᠷᠭᠠᠪᠠ᠃ ᠮᠠᠨ ᠤ ᠤᠯᠤᠰ ᠪᠣᠯ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠭᠡᠬᠦ ᠡᠨᠡ ᠬᠦ | ᠦᠨᠳᠦᠰᠦᠨ ᠤᠯᠤᠰ ᠤᠨ ᠪᠠᠶᠢᠳᠠᠯ ᠢ ᠢᠮᠠᠭᠲᠠ ᠪᠠᠲᠤ ᠴᠡᠭᠡᠵᠢᠯᠡᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠵᠥᠪ ᠡᠬᠡ ᠤᠷᠤᠨᠴᠢ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠪᠠ | ᠤᠯᠤᠰ ᠤᠨ ᠨᠢᠭᠡᠳᠦᠯ ᠢ ᠬᠠᠮᠠᠭᠠᠯᠠᠬᠤ ᠶᠢ ᠦᠨᠳᠦᠰᠦᠲᠡᠨ ᠨᠦᠭᠦᠳ ᠤᠨ ᠬᠠᠮᠤᠭ ᠤᠨ ᠳᠡᠭᠡᠳᠦ ᠠᠰᠢᠭ ᠲᠤᠰᠠ | ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠲᠠᠰᠤᠷᠠᠯᠳᠠ ᠦᠭᠡᠢ ᠪᠠᠲᠤ ᠴᠣᠭᠴᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠵᠤ | ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠶᠢ ᠪᠠᠷᠢᠮᠳᠠᠯᠠᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |