ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠦᠰᠦᠭ | ᠪᠢᠴᠢᠭ ᠤᠨ ᠬᠠᠤᠯᠢ | 2000 ᠣᠨ ᠤ 10 ᠳ᠋ᠤᠭᠠᠷ ᠰᠠᠷ᠎ᠠ ᠶᠢᠨ 31 ᠤ ᠡᠳᠦᠷ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ | ᠬᠤᠷᠠᠯᠳᠤᠭᠠᠨ ᠠᠴᠠ ᠵᠠᠰᠠᠪᠤᠷᠢ ᠣᠷᠣᠭᠤᠯᠵᠤ ᠪᠠᠳᠤᠯᠠᠭᠠᠳ᠂ 2001 ᠤᠨ ᠤ 1 ᠳ᠋ᠤᠭᠡᠷ ᠰᠠᠷ᠎ᠠ ᠶᠢᠨ ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ | ᠂ ᠪᠠᠷᠢᠮᠵᠢᠶᠠᠵᠢᠭᠤᠯᠤᠯᠲᠠ ᠵᠢᠴᠢ ᠲᠡᠭᠦᠨ ᠤ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠨᠡᠶᠢᠭᠡᠮ ᠤᠨ ᠠᠮᠢᠳᠤᠷᠠᠯ ᠳᠤᠮᠳᠠᠬᠢ ᠦᠢᠯᠡᠳᠦᠯ ᠢ ᠨᠡᠩ | ᠰᠠᠶᠢᠨ ᠪᠠᠳᠠᠷᠠᠭᠤᠯᠵᠤ᠂ ᠡᠯ᠎ᠡ ᠦᠨᠳᠦᠰᠦᠲᠡᠨ᠂ ᠡᠯ᠎ᠡ ᠭᠠᠵᠠᠷ ᠣᠷᠣᠨ ᠤ ᠠᠵᠤ ᠠᠬᠤᠢ ᠰᠣᠶᠣᠯ ᠤᠨ | ᠰᠣᠯᠢᠯᠴᠠᠭ᠎ᠠ ᠶᠢ ᠠᠬᠢᠭᠤᠯᠬᠤ ᠶᠢᠨ ᠲᠥᠯᠥᠭᠡ᠂ ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠬᠠᠤᠯᠢ ᠳᠤ ᠬᠡᠯᠡᠵᠦ ᠪᠠᠶᠢᠭ᠎ᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠭᠡᠳᠡᠭ ᠪᠣᠯ ᠨᠡᠶᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ ᠪᠣᠯᠣᠨ᠎ᠠ᠃ | ᠭᠤᠷᠪᠠᠳᠤᠭᠠᠷ ᠵᠦᠢᠯ ᠤᠯᠤᠰ ᠠᠴᠠ ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠳᠦᠷᠢᠮᠵᠢᠭᠰᠡᠨ ᠬᠢᠲᠠᠳ | ᠦᠰᠦᠭ ᠢ ᠳᠡᠯᠭᠡᠷᠡᠭᠦᠯᠦᠨ᠎ᠡ᠃ | ᠳᠥᠷᠪᠡᠳᠦᠭᠡᠷ ᠵᠦᠢᠯ ᠡᠷᠠᠳ ᠢᠷᠭᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠰᠤᠷᠤᠯᠴᠠᠬᠤ ᠪᠠ ᠬᠡᠷᠡᠭᠯᠡᠬᠦ ᠡᠷᠬᠡ ᠲᠠᠢ᠃ ᠤᠯᠤᠰ ᠠᠴᠠ ᠠᠷᠠᠳ ᠢᠷᠭᠡᠳ ᠤᠨ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠤᠶᠢᠰᠦᠭ ᠪᠢᠴᠢᠭ ᠢ ᠰᠤᠷᠤᠯᠴᠠᠬᠤ ᠪᠠ ᠬᠡᠷᠡᠭᠯᠡᠬᠦ ᠳᠤ ᠨᠥᠬᠦᠴᠡᠯ ᠬᠠᠩᠭᠠᠨ᠎ᠠ᠃ ᠣᠷᠣᠨ ᠨᠤᠲᠤᠭ ᠤᠨ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠳᠦᠷᠢᠮᠵᠢᠭᠰᠡᠨ ᠬᠢᠲᠠᠳ ᠦᠰᠦᠭ ᠢ | ᠳᠡᠯᠭᠡᠷᠡᠭᠦᠯᠬᠦ ᠬᠡᠷᠡᠭᠲᠡᠢ᠃ | ᠲᠠᠪᠤᠳᠤᠭᠠᠷ ᠵᠦᠢᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠨᠢ | ᠤᠯᠤᠰ ᠣᠷᠣᠨ ᠤ ᠡᠷᠬᠡ ᠮᠡᠳᠡᠯ ᠪᠠ ᠦᠨᠳᠦᠰᠦᠲᠡᠨ ᠤ ᠨᠡᠷ᠎ᠡ ᠬᠦᠨᠳᠦ ᠶᠢ ᠬᠠᠮᠠᠭᠠᠯᠠᠬᠤ ᠳᠤ ᠠᠰᠢᠭᠲᠠᠢ᠂ ᠤᠯᠤᠰ | ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠳᠤ ᠠᠰᠢᠭᠲᠠᠢ᠂ ᠨᠡᠶᠢᠭᠡᠮ ᠵᠢᠷᠤᠮ ᠤᠨ ᠪᠣᠳᠠᠰ ᠤᠨ | ᠪᠣᠯᠪᠠᠰᠤᠨ ᠤ ᠪᠠᠶᠢᠭᠤᠯᠤᠯᠲᠠ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠠᠰᠢᠭᠲᠠᠢ᠃ | ᠵᠢᠷᠭᠤᠳᠤᠭᠠᠷ ᠵᠦᠢᠯ ᠤᠯᠤᠰ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠳᠦᠷᠢᠮᠵᠢᠯ ᠪᠠ ᠪᠠᠷᠢᠮᠵᠢᠶ᠎ᠠ ᠶᠢ ᠨᠡᠶᠢᠲᠡᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠨᠡᠶᠢᠭᠡᠮ ᠤᠨ ᠬᠡᠷᠡᠭᠯᠡᠯᠲᠡ ᠶᠢ ᠬᠠᠮᠢᠶᠠᠷᠴᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠳᠡᠮᠵᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠳᠦᠷᠢᠮᠵᠢᠯ᠂ ᠪᠠᠶᠠᠯᠢᠭᠵᠢᠯ ᠪᠠ ᠬᠥᠭᠵᠢᠯᠲᠡ ᠶᠢ ᠠᠬᠢᠭᠤᠯᠤᠨ᠎ᠠ᠃ | ᠳᠣᠯᠣᠳᠤᠭᠠᠷ ᠵᠦᠢᠯ ᠤᠯᠤᠰ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠤᠶᠢᠰᠦᠭ ᠪᠢᠴᠢᠭ ᠤᠨ | ᠦᠢᠯᠡᠰ ᠲᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠢ | ᠬᠥᠬᠢᠭᠦᠯᠦᠨ ᠱᠠᠩᠨᠠᠨ᠎ᠠ᠃ | ᠨᠠᠢᠮᠠᠳᠤᠭᠠᠷ ᠵᠦᠢᠯ ᠦᠨᠳᠦᠰᠦᠲᠡᠨ ᠨᠦᠭᠦᠳ ᠴᠥᠮ ᠥᠪᠡᠷ ᠤᠨ ᠦᠭᠡ ᠬᠡᠯᠡ ᠦᠰᠦᠭ ᠪᠢᠴᠢᠭ ᠢᠶᠠᠨ | ᠬᠡᠷᠡᠭᠯᠡᠵᠦ ᠬᠥᠭᠵᠢᠭᠦᠯᠬᠦ ᠡᠷᠬᠡ ᠴᠢᠯᠦᠭᠡ ᠲᠠᠢ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠤᠨ ᠬᠡᠷᠡᠭᠯᠡᠯᠲᠡ ᠳᠤ ᠦᠨᠳᠦᠰᠦᠨ ᠬᠠᠤᠯᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ | ᠵᠢᠴᠢ ᠪᠤᠰᠤᠳ ᠬᠠᠤᠯᠢ ᠴᠠᠭᠠᠵᠠ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠦᠨᠳᠦᠰᠦ ᠪᠠᠷᠢᠮᠲᠠ ᠪᠣᠯᠭᠠᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |