ᠶᠡᠷᠦᠩᠬᠡᠢ ᠱᠦᠵᠢ ᠰᠢ ᠶᠢᠨ ᠫᠢᠩ ᠤᠨ ᠢᠷᠭᠡᠨ ᠤ ᠬᠠᠤᠯᠢ ᠶᠢᠨ ᠪᠢᠴᠢᠭ ᠤᠨ ᠰᠤᠷᠤᠯᠴᠠᠯᠭ᠎ᠠ | ᠤᠬᠠᠭᠤᠯᠭ᠎ᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠵᠤ᠂ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠦᠷᠢᠵᠢᠭᠤᠯᠬᠤ ᠶᠢᠨ | ᠲᠦᠯᠦᠭᠡ᠂ ᠣᠶᠢᠷ᠎ᠠ ᠶᠢᠨ ᠡᠳᠦᠷ᠂ ᠬᠠᠤᠯᠢ ᠴᠠᠭᠠᠵᠠ ᠶᠢᠨ ᠲᠣᠪᠴᠢᠶ᠎ᠠ ︽ᠬᠠᠤᠯᠢᠵᠢᠯ ᠤᠨ ᠤᠯᠠᠭᠠᠨᠮᠥ᠋ᠴᠢᠷ︾ ᠲᠠᠢ | ᠬᠠᠮᠲᠤᠷᠠᠨ ︽ᠬᠠᠤᠯᠢᠵᠢᠯ ᠤᠨ ᠤᠯᠠᠭᠠᠨᠮᠥ᠋ᠴᠢᠷ︾ ᠲᠣᠰᠬᠤᠨ ᠳᠤ ᠭᠦᠨᠵᠡᠭᠡᠶᠢᠷᠡᠵᠦ᠂ ︽ᠰᠠᠶᠢᠨ ᠰᠠᠶᠢᠬᠠᠨ | ᠠᠮᠢᠳᠤᠷᠠᠯ · ᠢᠷᠭᠡᠨ ᠤ ᠬᠠᠤᠯᠢ ᠶᠢᠨ ᠪᠢᠴᠢᠭ ᠢ ᠬᠠᠮᠲᠤᠳᠬᠠᠬᠤ︾ ᠪᠠᠷ ᠭᠤᠣᠯ ᠰᠡᠳᠦᠪ ᠪᠣᠯᠭᠠᠭᠰᠠᠨ | ᠬᠠᠤᠯᠢᠵᠢᠯ ᠤᠨ ᠰᠣᠶᠣᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ᠃ | | | | | | | ᠠᠵᠢᠯᠯᠠᠭ᠎ᠠ ᠶᠢᠨ ᠬᠤᠷᠠᠯ ᠤᠨ ᠲᠠᠯᠠᠪᠠᠢ᠂ ᠬᠠᠤᠯᠢ ᠴᠠᠭᠠᠵᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠨᠠᠷ ᠲᠣᠰᠬᠤᠨ ᠤ ᠠᠷᠠᠳ ᠲᠤ ᠦᠨᠳᠦᠰᠦᠨ ᠬᠠᠤᠯᠢ᠂ ᠢᠷᠭᠡᠨ ᠤ | ᠬᠠᠤᠯᠢ ᠶᠢᠨ ᠪᠢᠴᠢᠭ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ᠂ ᠭᠠᠵᠢᠭᠤ ᠨᠣᠮᠯᠠᠯ ᠢ | ᠡᠰᠡᠷᠭᠦᠴᠡᠬᠦ ᠵᠡᠷᠭᠡ ᠬᠠᠤᠯᠢᠵᠢᠯ ᠤᠨ ᠤᠬᠠᠭᠤᠯᠭ᠎ᠠ ᠶᠢᠨ ᠮᠠᠲ᠋ᠧᠷᠢᠶᠠᠯ ᠪᠣᠯᠣᠨ ᠬᠠᠤᠯᠢ ᠴᠠᠭᠠᠵᠠ ᠶᠢ ᠲᠦᠭᠡᠮᠡᠯᠵᠢᠭᠦᠯᠬᠦ | ᠠᠮᠢᠳᠤᠷᠠᠯ ᠤᠨ ᠬᠡᠷᠡᠭᠰᠡᠯ ᠢ ᠲᠦᠭᠡᠭᠡᠵᠦ᠂ ᠢᠷᠭᠡᠨ ᠤ ᠬᠠᠤᠯᠢ ᠶᠢᠨ ᠪᠢᠴᠢᠭ ᠲᠠᠬᠢ ᠨᠠᠰᠤᠲᠠᠶᠢᠴᠤᠳ ᠤᠨ ᠡᠷᠬᠡ | ᠠᠰᠢᠭ ᠤᠨ ᠪᠠᠲᠤᠯᠠᠭ᠎ᠠ᠂ ᠤᠷᠤᠭ ᠤᠨ ᠬᠠᠤᠯᠢ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ | ᠳᠠᠭᠠᠭᠠᠴᠢᠯᠠᠯᠲᠠ ᠵᠡᠷᠭᠡ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠬᠠᠮᠢᠶ᠎ᠠ ᠪᠦᠬᠦᠢ ᠲᠣᠭᠲᠠᠭᠠᠯ ᠢ | ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠠᠰᠠᠭᠤᠨ ᠯᠠᠪᠯᠠᠬᠤ ᠪᠠᠷ ᠢᠷᠡᠭᠰᠡᠨ ᠤᠯᠠᠨ ᠲᠦᠮᠡᠨ ᠤ ᠮᠠᠳᠠᠭ ᠲᠠᠢ | ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠃ ᠬᠠᠤᠯᠢᠵᠢᠯ ᠤᠨ ᠤᠯᠠᠭᠠᠨᠮᠥ᠋ᠴᠢᠷ ᠳᠠᠭᠤᠤ ᠪᠥᠵᠢᠭ᠂ ᠱᠤᠭ | ᠵᠦᠴᠦᠭᠡ ᠵᠡᠷᠭᠡ ᠲᠣᠭᠯᠠᠯᠲᠠ ᠶᠢᠨ ᠬᠡᠯᠪᠡᠷᠢ ᠪᠠᠷ ᠬᠠᠤᠯᠢᠵᠢᠯ ᠤᠨ ᠤᠬᠠᠭᠤᠯᠭ᠎ᠠ ᠶᠢᠨ ᠭᠤᠣᠯ ᠰᠡᠳᠦᠪ ᠲᠠᠢ ᠨᠢᠭᠲᠠ | ᠤᠶᠠᠯᠳᠤᠭᠤᠯᠵᠤ᠂ ᠲᠣᠭᠯᠠᠯᠲᠠ ᠶᠢᠨ ᠠᠭᠤᠯᠭ᠎ᠠ ᠪᠠᠶᠠᠯᠢᠭ᠂ ᠭᠤᠶᠢᠳᠠ ᠰᠠᠶᠢᠬᠠᠨ ᠪᠠᠶᠢᠵᠤ᠂ ᠤᠯᠠᠨ ᠲᠦᠮᠡᠨ ᠤ | ᠰᠠᠶᠢᠨ ᠦᠨᠡᠯᠡᠯᠲᠡ ᠶᠢ ᠣᠯᠵᠠᠢ᠃ | ᠶᠡᠷᠦ ᠠᠴᠠ᠂ ᠬᠠᠤᠯᠢ ᠪᠠᠷ ᠵᠠᠰᠠᠬᠤ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠶᠠᠪᠤᠬᠤ ᠠᠵᠢᠯᠯᠠᠭ᠎ᠠ ᠨᠢ | ᠠᠷᠠᠳ ᠣᠯᠠᠨ ᠤ ᠬᠦᠷᠢᠶᠡᠯᠡᠯ ᠢ ᠣᠯᠵᠤ᠂ ᠲᠡᠳᠡ ᠦᠨᠳᠦᠰᠦᠨ ᠱᠠᠲᠤᠨ ᠤ ᠣᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠢ ᠤᠳᠬ᠎ᠠ ᠤᠷᠠᠯᠢᠭ ᠤᠨ ᠤᠬᠠᠭᠤᠯᠭ᠎ᠠ ᠶᠢᠨ ᠫᠷᠣᠭ᠍ᠷᠠᠮ ᠥᠷᠨᠢᠭᠦᠯᠵᠦ᠂ ︽ᠮᠣᠷᠢᠨ ᠨᠢᠷᠤᠭᠤᠨ ᠳᠡᠭᠡᠷᠡᠬᠢ | ᠢᠷᠭᠡᠨ ᠤ ᠬᠠᠤᠯᠢ ᠶᠢᠨ ᠪᠢᠴᠢᠭ︾ ᠭᠡᠭᠳᠡᠵᠦ᠂ ᠬᠤᠶᠢᠰᠢᠳᠠ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠪᠠᠷ ᠵᠠᠰᠠᠬᠤ | ᠤᠯᠠᠭᠠᠨᠮᠥ᠋ᠴᠢᠷ ᠤᠨ ︽ᠲᠣᠭᠯᠠᠯᠲᠠ + ᠬᠠᠤᠯᠢ ᠴᠠᠭᠠᠵᠠ ᠶᠢᠨ ᠦᠢᠯᠡᠴᠢᠯᠡᠭᠡ︾ ᠶᠢᠨ ᠵᠠᠭᠪᠤᠷ ᠢ ᠦᠷᠭᠦᠯᠵᠢᠯᠡᠨ | ᠠᠰᠢᠭᠯᠠᠵᠤ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ | ᠥᠷᠭᠡᠨ ᠳᠡᠯᠭᠡᠷ ᠥᠷᠨᠢᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ | ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠪᠠᠷ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠨᠠᠮ ᠤᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠦᠢᠯᠡᠳᠦᠯᠭᠡᠵᠢᠭᠦᠯᠬᠦ ᠤᠬᠠᠮᠰᠠᠷᠲᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠤᠯᠢ ᠴᠠᠭᠠᠵᠠ ᠶᠢ ᠦᠨᠡᠨ ᠬᠦ ᠣᠯᠠᠨ ᠲᠦᠮᠡᠨ ᠤ ᠳᠡᠷᠭᠡᠳᠡ | ᠣᠴᠢᠭᠤᠯᠵᠤ᠂ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠠᠵᠢᠯ ᠶᠠᠪᠤᠳᠠᠯ ᠬᠢᠬᠦ ᠳᠡᠭᠡᠨ ᠬᠠᠤᠯᠢ | ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ | ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠥᠬᠦ | ᠬᠦᠴᠦᠨ ᠢᠶᠠᠷ ᠢᠶᠠᠨ ᠪᠣᠶ ᠪᠤᠯᠭᠠᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |