ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ | ᠲᠥᠯᠥᠭᠡ᠂ ᠶᠡᠷᠦᠩᠬᠡᠢ ᠱᠦᠵᠢ ᠰᠢ ᠶᠢᠨ ᠫᠢᠩ ᠤᠨ ᠢᠷᠭᠡᠨ ᠤ ᠬᠠᠤᠯᠢ ᠶᠢᠨ ᠪᠢᠴᠢᠭ ᠤᠨ ᠰᠤᠷᠤᠯᠴᠠᠯᠭ᠎ᠠ | ᠤᠬᠠᠭᠤᠯᠭ᠎ᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠨᠠᠢᠮᠠᠳᠤᠭᠠᠷ ᠲᠠᠪᠤᠨ ᠵᠢᠯ︾ | ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠪᠣᠯᠣᠨ ᠳᠡᠭᠡᠳᠦ ᠱᠠᠲᠤᠨ ᠤ ᠬᠤᠯᠪᠣᠭᠳᠠᠯ ᠪᠦᠬᠦᠢ ᠮᠡᠳᠡᠭᠳᠡᠯ ᠤᠨ | ᠱᠠᠭᠠᠷᠳᠠᠯᠭ᠎ᠠ ᠶᠢ ᠦᠨᠳᠦᠰᠦᠯᠡᠨ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ︽ᠰᠠᠶᠢᠨ ᠰᠠᠶᠢᠬᠠᠨ ᠠᠮᠢᠳᠤᠷᠠᠯ · | ᠢᠷᠭᠡᠨ ᠤ ᠬᠠᠤᠯᠢ ᠶᠢᠨ ᠪᠢᠴᠢᠭ ᠢ ᠬᠠᠮᠲᠤᠳᠬᠠᠬᠤ︾ ᠠᠯᠢ ᠤᠯᠠᠨ ᠭᠤᠣᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠵᠦ᠂ ᠢᠷᠭᠡᠨ ᠤ ᠬᠠᠤᠯᠢ ᠶᠢᠨ ᠪᠢᠴᠢᠭ ᠢ ᠭᠦᠨᠵᠡᠭᠡᠢ ᠰᠤᠷᠤᠯᠴᠠᠨ ᠤᠬᠠᠭᠤᠯᠵᠤ᠂ ᠤᠯᠤᠰ | ᠲᠦᠷᠦ ᠶᠢᠨ ᠴᠢᠭᠯᠡᠯ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠭᠦᠨᠵᠡᠭᠡᠢ ᠡᠵᠡᠮᠳᠡᠵᠦ᠂ ᠥᠮᠴᠢᠯᠡᠯ ᠤᠨ | ᠡᠷᠬᠡ ᠶᠢ ᠬᠠᠮᠠᠭᠠᠯᠠᠬᠤ᠂ ᠭᠡᠷ᠎ᠡ ᠶᠢ ᠭᠦᠢᠴᠡᠳᠬᠡᠬᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠬᠤ ᠵᠡᠷᠭᠡ | ᠬᠤᠯᠪᠣᠭᠳᠠᠯ ᠪᠦᠬᠦᠢ ᠠᠭᠤᠯᠭ᠎ᠠ ᠶᠢ ᠭᠤᠣᠯᠳᠠᠯᠭ᠎ᠠ ᠲᠠᠢ ᠪᠠᠷ ᠰᠤᠷᠤᠯᠴᠠᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠳᠤ ᠪᠠᠲᠤᠯᠠᠭ᠎ᠠ ᠬᠠᠩᠭᠠᠵᠤ᠂ ᠴᠢᠨᠠᠷ ᠰᠠᠶᠢᠲᠠᠢ ᠬᠥᠭᠵᠢᠯᠲᠡ ᠳᠤ ᠬᠠᠤᠯᠢ ᠪᠠᠷ ᠵᠠᠰᠠᠬᠤ | ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠪᠡ᠃ | ᠪᠣᠯᠪᠠᠰᠤᠷᠠᠭᠤᠯᠤᠯ ᠢ ᠴᠢᠬᠤᠯᠠᠴᠢᠯᠠᠵᠤ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠤᠨ᠎ᠠ | ᠢᠷᠭᠡᠨ ᠤ ᠬᠠᠤᠯᠢ ᠶᠢᠨ ᠪᠢᠴᠢᠭ ᠢ ᠨᠡᠶᠢᠲᠡᠯᠡᠭᠰᠡᠨ ᠠᠴᠠ ᠨᠠᠰᠢ᠂ ᠲᠤᠭᠳᠠᠬᠤ ᠰᠢᠶᠠᠨ ᠤ ᠪᠠᠶᠢᠴᠠᠭᠠᠬᠤ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ︽ᠢᠷᠭᠡᠨ ᠤ | ᠬᠠᠤᠯᠢ ᠶᠢᠨ ᠪᠢᠴᠢᠭ︾ ᠤᠨ ᠲᠤᠰᠬᠠᠢ ᠳᠡᠪᠲᠡᠷ ᠵᠢᠴᠢ ᠬᠠᠮᠢᠶ᠎ᠠ ᠪᠦᠬᠦᠢ ᠰᠤᠷᠤᠯᠴᠠᠬᠤ ᠮᠠᠲ᠋ᠧᠷᠢᠶᠠᠯ ᠢ ᠲᠥᠪᠯᠡᠷᠡᠭᠦᠯᠦᠨ | ᠬᠤᠳᠠᠯᠳᠤᠨ ᠠᠪᠴᠤ᠂ ᠪᠠᠶᠢᠴᠠᠭᠠᠬᠤ ᠠᠵᠢᠯᠲᠠᠳ ᠢ ᠵᠣᠬᠢᠶᠠᠨ ᠪᠠᠶᠢᠭᠤᠯᠤᠨ ︽ᠢᠷᠭᠡᠨ ᠤ ᠬᠠᠤᠯᠢ ᠶᠢᠨ ᠪᠢᠴᠢᠭ︾ | ᠤᠨ ᠡᠮᠬᠢᠳᠬᠡᠯ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠰᠤᠷᠤᠯᠴᠠᠭᠤᠯᠵᠤ᠂ ᠪᠠᠶᠢᠴᠠᠭᠠᠬᠤ ᠠᠵᠢᠯᠲᠠᠳ ᠲᠤ ︽ | ᠢᠷᠭᠡᠨ ᠤ ᠬᠠᠤᠯᠢ ᠶᠢᠨ ᠪᠢᠴᠢᠭ︾ ᠢ ᠨᠠᠶᠢᠷᠠᠭᠤᠯᠤᠨ ᠪᠢᠴᠢᠬᠦ ᠪᠠ ᠨᠡᠶᠢᠲᠡᠯᠡᠨ ᠬᠡᠷᠡᠭᠵᠢᠭᠦᠯᠬᠦ ᠪᠣᠯ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠠᠬᠢᠴᠠ ᠳᠠᠬᠢ ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ | ᠲᠣᠭᠲᠠᠭᠠᠬᠤ ᠶᠢᠨ ᠴᠢᠬᠤᠯᠠ ᠬᠥᠰᠢᠶ᠎ᠡ ᠲᠡᠮᠳᠡᠭ ᠪᠣᠯᠬᠤ ᠶᠢ ᠭᠦᠨᠵᠡᠭᠡᠢ ᠲᠠᠨᠢᠭᠤᠯᠵᠠᠢ᠃ ᠮᠥᠨ ᠴᠦ ᠬᠠᠤᠯᠢ | ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ᠂ ᠨᠡᠶᠢᠭᠡᠮ ᠵᠢᠷᠤᠮ ᠤᠨ ᠬᠠᠤᠯᠢ ᠪᠠᠷ | ᠵᠠᠰᠠᠬᠤ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ᠂ ᠤᠯᠤᠰ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠴᠢᠬᠤᠯᠠ ᠶᠡᠭᠡ ᠠᠷᠭ᠎ᠠ | ᠬᠡᠮᠵᠢᠶ᠎ᠡ ᠮᠥᠨ᠂ ︽ᠢᠷᠭᠡᠨ ᠤ ᠬᠠᠤᠯᠢ ᠶᠢᠨ ᠪᠢᠴᠢᠭ︾ ᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ | ᠪᠣᠯ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠤᠯᠤᠰ ᠲᠦᠷᠦ ᠶᠢᠨ ᠬᠠᠷᠢᠭᠤᠴᠠᠯᠭ᠎ᠠ ᠪᠣᠯᠬᠤ ᠪᠠᠷ | ᠪᠠᠷᠠᠬᠤ ᠦᠭᠡᠢ ᠨᠡᠩ ᠴᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠨᠡᠮᠡᠭᠳᠡᠭᠦᠯᠬᠦ᠂ ᠬᠡᠷᠡᠭ | ᠰᠢᠢᠳᠪᠦᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠬᠠᠤᠯᠢ ᠪᠠᠷᠢᠯᠲᠠ ᠶᠢᠨ ᠤᠯᠠᠨ ᠨᠡᠶᠢᠲᠡ ᠶᠢ ᠢᠲᠡᠭᠡᠭᠦᠯᠬᠦ | ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠪᠦᠬᠦᠢ ᠪᠠᠲᠤᠯᠠᠭ᠎ᠠ ᠮᠥᠨ᠃ | ᠥᠷᠭᠡᠨ ᠢᠶᠠᠷ ᠤᠬᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ | ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ︽ᠬᠠᠤᠯᠢ ᠶᠢ ᠠᠵᠤ ᠠᠬᠤᠶᠢᠯᠠᠯ ᠳᠤ ᠬᠦᠷᠭᠡᠬᠦ︾ ᠬᠠᠤᠯᠢ | ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠶᠢᠨ ᠾᠧ ᠶᠢᠤ ᠪᠧᠨ ᠠᠮᠢᠳᠤ ᠪᠣᠳᠠᠰ ᠤᠨ | ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠤᠬᠠᠭᠤᠯᠵᠤ᠂ ︽ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ︾ ᠵᠡᠷᠭᠡ ᠠᠵᠢᠯᠲᠠᠨ ᠠᠵᠢᠯᠴᠢᠨ ᠤ ᠡᠷᠬᠡ ᠠᠰᠢᠭ ᠲᠠᠢ ᠨᠢᠭᠲᠠ | ᠬᠤᠯᠪᠣᠭᠳᠠᠭᠰᠠᠨ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠠᠵᠢᠯᠲᠠᠨ ᠠᠵᠢᠯᠴᠢᠨ ᠢ | ᠬᠥᠲᠥᠯᠥᠨ ᠵᠢᠯᠤᠭᠤᠳᠴᠤ ᠪᠠᠶᠢᠭᠠᠳ ᠬᠥᠭᠵᠢᠯᠲᠡ ᠶᠢᠨ ᠢᠲᠡᠭᠡᠯ ᠢ ᠨᠢ ᠪᠠᠲᠤᠳᠬᠠᠵᠤ᠂ ᠬᠥᠭᠵᠢᠯᠲᠡ ᠶᠢᠨ | ᠤᠬᠠᠮᠰᠠᠷ ᠢ ᠨᠢ ᠪᠤᠢ ᠪᠣᠯᠭᠠᠵᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠡᠷᠬᠡ ᠪᠠᠨ ᠬᠠᠮᠠᠭᠠᠯᠠᠬᠤ | ᠴᠢᠳᠠᠪᠤᠷᠢ ᠶᠢ ᠨᠢ ᠳᠡᠭᠡᠭᠰᠢᠯᠡᠭᠦᠯᠪᠡ᠃ | ᠠᠴᠢᠶᠠᠯᠠᠪᠤᠷᠢ ᠶᠢ ᠴᠢᠩᠭᠠᠳᠬᠠᠵᠤ᠂ ᠰᠤᠷᠤᠯᠴᠠᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ | ᠲᠡᠭᠡᠭᠰᠢᠯᠡᠭᠦᠯᠦᠨ᠎ᠡ | ᠪᠢᠴᠢᠯ ᠪᠦᠷᠭᠡ ᠵᠡᠷᠭᠡ ᠤᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ︽ᠢᠷᠭᠡᠨ ᠤ ᠬᠠᠤᠯᠢ ᠶᠢᠨ | ᠪᠢᠴᠢᠭ ᠤᠨ ᠤᠬᠠᠭᠤᠯᠭ᠎ᠠ ᠶᠢᠨ ᠰᠠᠷ᠎ᠠ︾ ᠶᠢᠨ ᠲᠤᠰᠬᠠᠢ ᠪᠤᠯᠤᠩ ᠭᠠᠷᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠭᠡᠮ ᠳᠤ ᠬᠠᠨᠳᠤᠭᠤᠯᠤᠨ ᠬᠡᠷᠡᠭ ᠢᠶᠠᠷ ᠬᠠᠤᠯᠢ ᠶᠢᠨ ᠲᠥᠰᠥᠯ ᠢ ᠲᠠᠶᠢᠯᠪᠤᠷᠢᠯᠠᠬᠤ ᠵᠢᠱᠢᠶ᠎ᠡ ᠶᠢ ᠨᠡᠶᠢᠲᠡᠯᠡᠵᠦ᠂ ︽ | ᠢᠨᠲ᠋ᠧᠷ ᠰᠦᠯᠵᠢᠶ᠎ᠡ + ᠬᠠᠤᠯᠢ ᠴᠠᠭᠠᠵᠠ︾ ᠶᠢᠨ ᠦᠢᠯᠡᠴᠢᠯᠡᠭᠡ ᠶᠢ ᠦᠷᠭᠦᠯᠵᠢᠯᠡᠨ ᠲᠦᠯᠬᠢᠨ ᠠᠬᠢᠭᠤᠯᠵᠤ᠂ | ᠰᠦᠯᠵᠢᠶᠡᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠪᠠ᠃ ᠪᠠᠶᠢᠴᠠᠭᠠᠬᠤ ᠠᠵᠢᠯᠲᠠᠳ ᠢ ᠵᠣᠬᠢᠶᠠᠨ ᠪᠠᠶᠢᠭᠤᠯᠤᠨ ᠪᠦᠬᠦ ᠤᠯᠤᠰ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠢᠨ᠎ᠡ ᠵᠠᠭᠤᠴᠢᠯᠠᠭᠤᠷ ᠤᠨ ᠵᠢᠭᠰᠠᠭᠠᠯ ᠳᠤ ᠥᠷᠨᠢᠭᠦᠯᠦᠭᠰᠡᠨ ᠢᠷᠭᠡᠨ ᠤ | ᠬᠠᠤᠯᠢ ᠶᠢᠨ ᠪᠢᠴᠢᠭ ᠤᠨ ᠮᠡᠳᠡᠯᠭᠡ ᠶᠢᠨ ᠥᠷᠢᠰᠦᠯᠳᠦᠭᠡᠨ ᠳᠤ ᠣᠷᠣᠯᠴᠠᠭᠤᠯᠵᠤ᠂ ᠤᠯᠠᠨ ᠤ ᠣᠷᠣᠯᠴᠠᠬᠤ | ᠢᠳᠡᠪᠬᠢᠵᠢᠯ ᠢ ᠭᠦᠢᠴᠡᠳ ᠲᠠᠶᠢᠴᠢᠯᠠᠨ᠂ ᠠᠵᠢᠯᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠨᠡᠮᠡᠭᠳᠡᠭᠦᠯᠪᠡ᠃ | ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠤᠬᠠᠭᠤᠯᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠨᠡᠶᠢᠭᠡᠮ ᠤᠨ ᠬᠠᠮᠲᠤᠯᠢᠭ ᠲᠤ ᠬᠠᠨᠳᠤᠭᠤᠯᠤᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ᠂ ᠬᠠᠤᠯᠢ ᠴᠠᠭᠠᠵᠠ ᠶᠢᠨ ᠵᠥᠪᠯᠡᠯᠭᠡ | ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠤᠯᠠᠨ ᠵᠦᠢᠯ ᠤᠨ ᠦᠢᠯᠡᠴᠢᠯᠡᠭᠡᠨ ᠤ ᠬᠡᠯᠪᠡᠷᠢ ᠪᠠᠷ | ᠳᠠᠮᠵᠢᠭᠤᠯᠤᠨ᠂ ᠬᠤᠯᠪᠣᠯᠳᠤᠭᠰᠠᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠥᠯᠥᠭᠡᠯᠡᠨ ᠳᠠᠶᠢᠴᠢᠯᠠᠬᠤ | ᠬᠡᠪᠴᠢᠶ᠎ᠡ ᠶᠢ ᠥᠷᠭᠡᠳᠬᠡᠨ᠂ ᠠᠵᠢᠯᠯᠠᠭ᠎ᠠ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ ᠤᠨ | ᠬᠠᠮᠲᠤᠯᠢᠭ ᠤᠨ ᠤᠯᠠᠨ ᠡᠰᠢᠴᠢᠯᠡᠭᠰᠡᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ | ᠬᠠᠩᠭᠠᠵᠤ᠂ ᠬᠠᠤᠯᠢ ᠪᠠᠷ ᠵᠠᠰᠠᠬᠤ ᠲᠣᠭᠲᠠᠬᠤ ᠶᠢ ᠪᠦᠳᠦᠭᠡᠨ ᠪᠠᠶᠢᠭᠤᠯᠬᠤ ᠳᠤ ᠬᠦᠴᠦᠨ ᠢᠶᠠᠨ ᠨᠡᠮᠡᠷᠢᠯᠡᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |