ᠵᠢᠯ ᠪᠦᠷᠢ ᠶᠢᠨ 5 ᠳ᠋ᠤᠭᠠᠷ ᠰᠠᠷ᠎ᠠ ᠶᠢᠨ ᠭᠤᠷᠪᠠᠳᠤᠭᠠᠷ ᠭᠠᠷᠠᠭ ᠨᠢ ︽ᠪᠦᠬᠦ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ︾ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠨᠠᠶᠢᠳᠠᠪᠤᠷᠢᠵᠢᠭᠤᠯᠬᠤ ᠶᠢᠨ | ᠲᠤᠰᠠᠳᠠ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ ᠮᠠᠨᠳᠤᠭᠤᠯᠬᠤ ᠠᠵᠢᠯᠯᠠᠭ᠎ᠠ ᠪᠠᠷ ᠶᠡᠷᠦᠩᠬᠡᠶᠢᠯᠡᠨ | ᠵᠢᠯᠣᠭᠤᠳᠤᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠦᠬᠦ ᠠᠷᠠᠳ ᠤᠨ ᠰᠢᠨᠵᠢᠯᠡᠬᠦ | ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠲᠠᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 23 ᠤ ᠡᠳᠦᠷ᠂ ᠲᠤᠭᠳᠠᠬᠤ | ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠰᠢᠶᠠᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ | ᠰᠢᠶᠠᠨ ᠤ ᠳᠣᠲᠣᠷᠠᠬᠢ 17 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠲᠠᠢ ᠬᠠᠮᠲᠤᠷᠠᠨ ︽ᠰᠢᠨᠵᠢᠯᠡᠬᠦ | ᠤᠬᠠᠭᠠᠨ ᠢ ᠬᠠᠶᠢᠷᠠᠯᠠᠵᠤ ᠰᠢᠨᠵᠢᠯᠡᠬᠦ ᠤᠬᠠᠭᠠᠨ ᠢ ᠡᠷᠬᠢᠮᠯᠡᠶ᠎ᠡ︾ ᠪᠠᠷ ᠭᠤᠣᠯ ᠰᠡᠳᠦᠪ ᠪᠣᠯᠭᠠᠭᠰᠠᠨ ᠲᠥᠪᠯᠡᠷᠡᠭᠦᠯᠦᠨ | ᠤᠬᠠᠭᠤᠯᠬᠤ ᠠᠵᠢᠯᠯᠠᠭ᠎ᠠ ᠶᠦᠨ ᠵᠦᠩ ᠰᠣᠶᠣᠯ ᠤᠨ ᠣᠷᠳᠣᠨ ᠤ ᠲᠠᠯᠠᠪᠠᠢ ᠳᠤ ᠶᠠᠪᠤᠭᠳᠠᠪᠠ᠃ | ᠠᠵᠢᠯᠯᠠᠭ᠎ᠠ ᠨᠢ ᠰᠢᠨᠵᠢᠯᠡᠬᠦ ᠤᠬᠠᠭᠠᠨᠲᠠᠳ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠢᠨᠵᠢᠯᠡᠬᠦ | ᠤᠬᠠᠭᠠᠨᠲᠠᠳ ᠤᠨ ᠵᠣᠷᠢᠭ ᠰᠠᠨᠠᠭ᠎ᠠ ᠶᠢ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠳᠤ | ᠠᠭᠤᠰᠬᠠᠨ ᠣᠷᠣᠭᠤᠯᠵᠤ᠂ ᠪᠦᠬᠦ ᠨᠡᠶᠢᠭᠡᠮ ᠳᠤ ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ | ᠴᠢᠳᠠᠪᠤᠷᠢᠲᠠᠨ ᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠪᠠᠷ ᠭᠤᠣᠯᠳᠠᠯᠭ᠎ᠠ ᠪᠣᠯᠭᠠᠵᠤ᠂ | ᠪᠦᠬᠦ ᠰᠢᠶᠠᠨ ᠤ 26 ᠨᠡᠷᠡᠰ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠵᠣᠬᠢᠶᠠᠨ | ᠪᠠᠶᠢᠭᠤᠯᠵᠤ᠂ ᠲᠤᠬᠠᠢ ᠶᠢᠨ ᠲᠠᠯᠠᠪᠤᠷ ᠲᠤ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠬᠠᠮᠲᠤ | ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠤᠷᠢᠶᠠᠯᠠᠨ ᠬᠥᠲᠥᠯᠥᠨ ᠵᠢᠯᠤᠭᠤᠳᠴᠤ | ᠪᠠᠶᠢᠭᠠᠳ ᠲᠤᠰ ᠪᠡᠶ᠎ᠡ ᠶᠢᠨ ᠳᠠᠪᠠᠭᠤᠯᠢᠭ ᠪᠠ ᠲᠤᠰᠬᠠᠢ ᠮᠡᠷᠭᠡᠵᠢᠯ ᠢ ᠨᠢ ᠪᠠᠳᠠᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠪᠠ᠃ ᠭᠤᠣᠯᠳᠠᠭᠤ ᠵᠠᠯᠠᠭᠤᠴᠤᠳ | ᠪᠠᠭᠠᠴᠤᠳ ᠲᠤ ᠬᠠᠨᠳᠤᠭᠤᠯᠤᠨ ᠤᠯᠠᠨ ᠵᠦᠢᠯ ᠤᠨ ᠬᠡᠯᠪᠡᠷᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠰᠣᠨᠢᠭᠤᠴᠢ ᠰᠡᠳᠬᠢᠯ᠂ ᠲᠥᠰᠥᠭᠡᠯᠡᠨ ᠪᠤᠳᠤᠬᠤ | ᠴᠢᠳᠠᠪᠤᠷᠢ᠂ ᠬᠠᠶᠢᠨ ᠰᠦᠪᠡᠭᠴᠢᠯᠡᠬᠦ ᠬᠦᠰᠡᠯ ᠢ ᠨᠢ ᠲᠠᠰᠤᠷᠠᠯᠳᠠ ᠦᠭᠡᠢ ᠬᠥᠭᠵᠢᠭᠡᠪᠡ᠃ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠬᠠᠮ ᠲᠡᠷᠭᠡ ᠪᠠᠷ ᠳᠠᠮᠵᠢᠭᠤᠯᠤᠨ ᠲᠤᠬᠠᠢ ᠶᠢᠨ ᠲᠠᠯᠠᠪᠠᠢ ᠶᠢᠨ ᠬᠥᠮᠥᠰ ᠲᠤ ᠵᠣᠬᠢᠶᠠᠮᠠᠯ ᠣᠶᠤᠨᠴᠢ | ᠮᠡᠳᠡᠭᠡ ᠵᠠᠩᠭᠢ ᠴᠢᠮᠡᠭᠡ ᠬᠤᠯᠪᠣᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ ᠶᠢᠨ ᠰᠢᠨ᠎ᠡ | ᠮᠡᠷᠭᠡᠵᠢᠯ᠂ ᠰᠢᠨ᠎ᠡ ᠲᠣᠨᠣᠭᠯᠠᠯ᠂ ᠰᠢᠨ᠎ᠡ ᠦᠢᠯᠡᠳᠬᠦᠨ ᠢ ᠳᠡᠯᠭᠡᠨ ᠦᠵᠡᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ 300 ᠭᠠᠷᠤᠢ ᠬᠥᠮᠥᠨ ᠤᠳᠠᠭ᠎ᠠ ᠠᠰᠠᠭᠤᠨ ᠯᠠᠪᠯᠠᠪᠠ᠃ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ᠂ ᠤᠬᠠᠭᠤᠯᠭ᠎ᠠ ᠶᠢᠨ ᠭᠠᠷ ᠳᠡᠪᠲᠡᠷ᠂ ᠲᠧᠭᠨᠢᠭ | ᠮᠡᠷᠭᠡᠵᠢᠯ ᠤᠨ ᠮᠠᠲ᠋ᠧᠷᠢᠶᠠᠯ ᠵᠡᠷᠭᠡ ᠶᠢ ᠨᠡᠶᠢᠳᠡ 4000 ᠭᠠᠷᠤᠢ ᠬᠤᠪᠢ ᠲᠠᠷᠬᠠᠭᠠᠪᠠ᠃10 ᠭᠠᠷᠤᠢ ᠬᠥᠨᠳᠡᠯᠡᠨ | ᠪᠢᠴᠢᠭᠡᠰᠦ ᠲᠠᠢ᠃ ᠰᠤᠷᠲᠠᠯ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ | ᠲᠦᠮᠡᠨ ᠤ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠡᠷᠬᠢᠮᠯᠡᠬᠦ ᠨᠡᠶᠢᠭᠡᠮ ᠤᠨ ᠬᠡᠪ ᠰᠤᠷᠲᠠᠯ ᠢ | ᠪᠦᠲᠦᠮᠵᠢᠲᠡᠶ ᠪᠠᠷ ᠪᠤᠢ ᠪᠣᠯᠭᠠᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |