5 ᠳ᠋ᠤᠭᠠᠷ ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ S103 ᠱᠤᠭᠤᠮ ᠤᠨ ᠵᠠᠮ ᠢ ᠥᠭᠡᠷᠡᠴᠢᠯᠡᠨ | ᠵᠠᠰᠠᠬᠤ ᠠᠵᠢᠯ ᠤᠨ ᠲᠤᠬᠠᠢ ᠶᠢᠨ ᠲᠠᠯᠠᠪᠤᠷ ᠲᠤ ᠬᠦᠷᠬᠦ ᠳᠤ᠂ ᠰᠢᠨᠡᠳᠬᠡᠬᠦ ᠮᠠᠰᠢᠨ᠂ ᠤᠰᠤᠨ ᠲᠡᠷᠭᠡ᠂ ᠭᠠᠵᠠᠷ | ᠲᠡᠭᠰᠢᠯᠡᠬᠦ ᠮᠠᠰᠢᠨ᠂ ᠵᠠᠮ ᠳᠠᠷᠤᠬᠤ ᠮᠠᠰᠢᠨ᠂ ᠠᠴᠢᠶᠠᠯᠠᠬᠤ ᠮᠠᠰᠢᠨ᠂ ᠱᠦᠢᠨᠢ ᠰᠠᠪᠠᠯᠠᠬᠤ ᠲᠡᠷᠭᠡ᠂ ᠱᠦᠢᠨᠢ | ᠰᠠᠴᠤᠵᠤ ᠳᠡᠪᠢᠰᠬᠦ ᠲᠡᠷᠭᠡ ᠵᠡᠷᠭᠡ ᠲᠣᠮᠣ ᠬᠡᠯᠪᠡᠷᠢ ᠶᠢᠨ ᠪᠠᠷᠢᠯᠭ᠎ᠠ ᠶᠢᠨ ᠮᠠᠰᠢᠨ ᠮᠧᠬᠠᠨᠢᠭ ᠨᠠᠰᠢ ᠴᠠᠰᠢ | ᠰᠦᠯᠵᠢᠯᠳᠦᠵᠦ᠂ ᠪᠠᠷᠢᠯᠭ᠎ᠠ ᠶᠢᠨ ᠠᠵᠢᠯᠲᠠᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ | ᠥᠭᠡᠷᠡᠴᠢᠯᠡᠨ ᠵᠠᠰᠠᠬᠤ ᠠᠵᠢᠯ ᠶᠠᠭ ᠶᠠᠭᠠᠷᠠᠯᠲᠠᠢ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | S103 ︵ᠬᠥᠬᠡᠬᠤᠲᠠ ︱ ᠾᠧ ᠴᠢᠦᠢ︶ ᠱᠤᠭᠤᠮ ᠨᠢ ᠬᠤᠶᠠᠳᠤᠭᠠᠷ ᠳᠡᠰ ᠤᠨ ᠵᠠᠰᠠᠮᠠᠯ ᠵᠠᠮ ᠪᠠᠶᠢᠵᠤ᠂ | ᠲᠣᠭᠲᠠᠬᠤ ᠰᠢᠶᠠᠨ ᠤ ᠬᠢᠯᠢ ᠳᠤ ᠪᠠᠶᠢᠭ᠎ᠠ ᠵᠠᠮ ᠤᠨ ᠣᠷᠳᠣ ᠨᠢ 50.624 ᠺᠢᠯᠣᠮᠧᠲᠷ᠂ ᠪᠥᠬᠦ ᠵᠠᠮ ᠤᠨ | ᠰᠠᠭᠤᠷᠢ ᠶᠢᠨ ᠥᠷᠭᠡᠨ ᠨᠢ 12 ᠮᠧᠲᠷ᠂ ᠵᠠᠮ ᠤᠨ ᠥᠷᠭᠡᠨ ᠨᠢ 11 ᠮᠧᠲᠷ᠂ ᠵᠠᠮ ᠤᠨ ᠨᠢᠭᠤᠷ ᠨᠢ ᠪᠠᠷᠤᠭᠰᠢᠨ | ᠪᠧᠲ᠋ᠤᠨ ᠵᠠᠮ ᠤᠨ ᠨᠢᠭᠤᠷ ᠪᠣᠯᠣᠨ᠎ᠠ᠃ ᠲᠣᠰ ᠲᠥᠷᠥᠯ ᠵᠦᠢᠯ ᠪᠣᠯ BOT ᠲᠥᠷᠥᠯ ᠵᠦᠢᠯ ᠪᠣᠯᠣᠨ᠎ᠠ᠂ ᠳ᠋ᠦᠩ | ᠹᠠᠩ ᠬᠤᠪᠢ ᠡᠵᠡᠮᠳᠡᠭᠰᠡᠨ ᠥᠪᠥᠷ ᠮᠣᠩᠭᠤᠯ ᠤᠨ ᠰᠢᠨ ᠳ᠋ᠡ ᠵᠠᠰᠠᠮᠠᠯ ᠵᠠᠮ ᠤᠨ ᠬᠥᠭᠵᠢᠭᠦᠯᠦᠯᠲᠡ ᠶᠢᠨ ᠬᠢᠵᠠᠭᠠᠷᠲᠤ | ᠺᠣᠮᠫᠠᠨᠢ ᠠᠴᠠ ᠡᠵᠡᠩᠨᠡᠵᠦ ᠪᠣᠶ᠂ ᠲᠣᠰ ᠤᠳᠠᠭᠠᠨ ᠤ S103 ᠱᠤᠭᠤᠮ ᠤᠨ ᠵᠠᠮ ᠤᠨ ᠥᠭᠡᠷᠡᠴᠢᠯᠡᠯᠲᠡ ᠶᠢᠨ | ᠢᠨᠵᠧᠨᠧᠷᠢᠩ ᠤᠨ ᠥᠭᠡᠷᠡᠴᠢᠯᠡᠯᠲᠡ ᠶᠢᠨ ᠬᠡᠰᠡᠭ ᠨᠢ 31 ᠺᠢᠯᠣᠮᠧᠲᠷ ᠠᠴᠠ 40 ᠺᠢᠯᠣᠮᠧᠲᠷ᠂ 58 | ᠺᠢᠯᠣᠮᠧᠲᠷ ᠠᠴᠠ 59 ᠺᠢᠯᠣᠮᠧᠲᠷ᠂ 70 ᠺᠢᠯᠣᠮᠧᠲᠷ ᠠᠴᠠ 75 ᠺᠢᠯᠣᠮᠧᠲᠷ ᠵᠡᠷᠭᠡ ᠭᠤᠷᠪᠠᠨ ᠬᠡᠰᠡᠭ ᠪᠠᠶᠢᠵᠤ᠂ | ᠦᠯᠡᠳᠡᠭᠰᠡᠨ 30 ᠭᠠᠷᠤᠢ ᠺᠢᠯᠣᠮᠧᠲᠷ ᠲᠤ ᠡᠳᠦᠷ ᠲᠤᠲᠤᠮ ᠤᠨ ᠤᠰᠤᠯᠠᠯᠲᠠ ᠶᠢᠨ ᠪᠠ ᠨᠦᠬᠦᠪᠦᠷᠢᠯᠡᠯᠡᠳᠡ | ᠠᠷᠠᠴᠢᠯᠠᠯᠲᠠ ᠬᠢᠬᠦ ᠪᠣᠯᠣᠨ᠎ᠠ᠃ | S103 ᠱᠤᠭᠤᠮ ᠤᠨ ᠬᠥᠬᠡᠬᠤᠲᠠ ᠠᠴᠠ ᠳ᠋ᠠ ᠪᠠᠨ ᠫᠦ᠋ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠵᠤ | ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠤᠨ ᠬᠡᠯᠲᠡᠰ ᠤᠨ ᠳᠠᠭᠠᠭᠠᠮᠠᠯ ᠬᠤᠸ ᠶᠦᠩ ᠮᠢᠩ | ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠮᠠᠨ ᠤ ᠨᠢᠭᠡᠴᠡ S103 ᠳᠤ ᠥᠭᠡᠷᠡᠴᠢᠯᠡᠯᠲᠡ ᠬᠢᠵᠦ ᠡᠬᠢᠯᠡᠪᠡ᠂ | ᠥᠭᠡᠷᠡᠴᠢᠯᠡᠬᠦ ᠬᠡᠰᠡᠭ ᠨᠢ ᠭᠤᠣᠯᠳᠠᠭᠤ 31 ᠺᠢᠯᠣᠮᠧᠲᠷ ᠠᠴᠠ 75 ᠺᠢᠯᠣᠮᠧᠲᠷ ᠤᠨ ᠭᠠᠵᠠᠷ ᠲᠤ ᠪᠣᠶ᠂ ᠡᠭᠦᠨ ᠳᠤ | ᠺᠠᠶᠢᠫ ᠤᠨ ᠪᠢᠲᠡᠭᠦᠮᠵᠢᠯᠡᠭᠰᠡᠨ ᠳᠠᠪᠬᠤᠷᠭ᠎ᠠ 137000 ᠭᠠᠷᠤᠢ ᠲᠡᠭᠰᠢ ᠳᠥᠷᠪᠡᠯᠵᠢᠨ ᠮᠧᠲᠷ ᠪᠠᠶᠢᠵᠤ᠂ 66000 | ᠭᠠᠷᠤᠢ ᠲᠡᠭᠰᠢ ᠳᠥᠷᠪᠡᠯᠵᠢᠨ ᠮᠧᠲᠷ ᠤᠨ ᠬᠦᠢᠲᠡᠨ ᠢᠶᠠᠷ ᠳᠠᠬᠢᠨ ᠤᠷᠭᠤᠭᠤᠯᠵᠤ᠂ 66000 ᠭᠠᠷᠤᠢ ᠲᠡᠭᠰᠢ | ᠳᠥᠷᠪᠡᠯᠵᠢᠨ ᠮᠧᠲᠷ ᠤᠨ ᠲᠣᠰᠣᠨ ᠭᠠᠳᠠᠷᠭᠤ ᠶᠢᠨ ᠨᠡᠮᠡᠯᠲᠡ ᠫᠦᠰᠡ ᠶᠢ 66000 ᠭᠠᠷᠤᠢ ᠲᠡᠭᠰᠢ ᠳᠥᠷᠪᠡᠯᠵᠢᠨ | ᠮᠧᠲᠷ ᠲᠤ ᠬᠦᠷᠭᠡᠨ᠎ᠡ᠃ ᠵᠠᠮ ᠤᠨ ᠭᠠᠳᠠᠷᠭᠤ ᠶᠢᠨ ᠪᠠᠷᠢᠯᠭ᠎ᠠ ᠶᠢᠨ ᠮᠠᠰᠢᠨ ᠳᠤ ᠤᠰᠤᠨ ᠲᠡᠷᠭᠡ᠂ ᠭᠠᠵᠠᠷ ᠲᠡᠭᠰᠢᠯᠡᠬᠦ | ᠮᠠᠰᠢᠨ᠂ ᠵᠠᠮ ᠳᠠᠷᠤᠬᠤ ᠮᠠᠰᠢᠨ᠂ ᠬᠠᠷᠤᠭᠤᠯᠳᠠᠬᠤ ᠮᠠᠰᠢᠨ ᠵᠡᠷᠭᠡ ᠨᠡᠶᠢᠳᠡ 15 ᠰᠠᠪᠠ᠂ ᠠᠵᠢᠯᠴᠢᠨ 35 ᠬᠥᠮᠥᠨ | ᠪᠤᠢ᠃ ᠵᠢᠱᠢᠯᠲᠡ ᠪᠠᠷ 6 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠬᠦᠢᠲᠡᠨ ᠢᠶᠠᠷ ᠳᠠᠬᠢᠨ ᠤᠷᠭᠤᠭᠤᠯᠬᠤ | ᠠᠵᠢᠯ ᠤᠨ ᠳᠠᠷᠠᠭᠠᠯᠠᠯ ᠢ ᠳᠠᠭᠤᠰᠬᠠᠵᠤ᠂ 6 ᠳ᠋ᠤᠭᠠᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ | 15 ᠤ ᠡᠳᠦᠷ ᠪᠣᠯᠲᠠᠯ᠎ᠠ ᠺᠠᠢ ᠫᠤ ᠪᠢᠲᠡᠭᠦᠮᠵᠢ ᠶᠢᠨ ᠳᠠᠪᠬᠤᠷᠭ᠎ᠠ ᠶᠢ ᠪᠠᠷᠢᠵᠤ᠂ 6 ᠳ᠋ᠤᠭᠠᠷ ᠰᠠᠷ᠎ᠠ ᠶᠢᠨ 15 ᠤ | ᠡᠳᠦᠷ ᠠᠴᠠ 7 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ ᠪᠠᠷᠤᠭᠰᠢᠨ ᠵᠠᠮ ᠤᠨ ᠭᠠᠳᠠᠷᠭᠤ ᠶᠢ ᠳᠡᠪᠢᠰᠬᠦ ᠠᠵᠢ᠊ ᠢ | ᠳᠠᠭᠤᠰᠬᠠᠨ᠎ᠠ︾ ᠭᠡᠵᠡᠢ᠃ | ᠣᠶᠢᠯᠠᠭᠠᠭᠰᠠᠨ ᠢᠶᠠᠷ᠂ ᠡᠳᠦᠷ ᠲᠤᠲᠤᠮ ᠤᠨ ᠤᠰᠤᠯᠠᠯᠲᠠ ᠶᠢᠨ ᠵᠠᠪᠰᠠᠷ ᠠᠷᠠᠴᠢᠯᠠᠵᠤ ᠰᠢᠢᠳᠪᠦᠷᠢᠯᠡᠬᠦ | ᠦᠯᠡᠳᠡᠭᠰᠡᠨ ᠵᠠᠮ ᠤᠨ ᠬᠡᠰᠡᠭ ᠢ ᠵᠢᠱᠢᠯᠲᠡ ᠪᠠᠷ 7ᠳ᠋ᠤᠭᠠᠷ ᠰᠠᠷ᠎ᠠ ᠶᠢᠨ 20 ᠤ ᠡᠳᠦᠷ ᠪᠦᠬᠦᠨ ᠢ ᠳᠠᠭᠤᠰᠬᠠᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |