ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠤᠨ ᠤ ᠤᠯᠠᠷᠢᠯ ᠤᠨ ᠢᠳᠡᠭᠡᠨ ᠤᠮᠳᠠᠭᠠᠨ ᠤ ᠠᠮᠦᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2023/5/25
      ᠵᠤᠨ ᠤ ᠤᠯᠠᠷᠢᠯ ᠤᠨ ᠢᠳᠡᠭᠡᠨ ᠠᠴᠠ ᠢᠷᠡᠯᠲᠡ ᠲᠠᠢ ᠡᠪᠡᠳᠴᠢᠨ ᠵᠢᠴᠢ ᠢᠳᠡᠭᠡᠨ ᠳᠤ ᠬᠤᠣᠷᠳᠠᠭᠳᠠᠬᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠤᠯᠠᠨ ᠲᠦᠮᠡᠨ ᠤ ᠪᠡᠶ᠎ᠡ ᠶᠢᠨ ᠡᠷᠡᠭᠦᠯ ᠮᠡᠨᠳᠦ ᠪᠣᠯᠣᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠬᠠᠷᠢᠶ᠎ᠠ ᠣᠷᠣᠨ ᠤ ᠵᠤᠨ ᠤ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠠᠢ᠃      ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ ᠵᠠᠭᠠᠯᠳᠤᠵᠤ ᠢᠯᠡᠴᠢᠯᠡᠨ ᠮᠡᠳᠡᠭᠦᠯᠬᠦ ᠪᠠᠷ ᠭᠠᠷᠳᠠᠴᠠ ᠪᠣᠯᠭᠠᠵᠤ᠂ ᠵᠣᠨ ᠤ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ  ᠬᠡᠷᠡᠭᠵᠢᠭᠦᠯᠪᠡ᠃ ᠡᠵᠡᠩᠨᠡᠯᠲᠡ ᠶᠢᠨ ᠨᠢᠭᠡᠴᠡ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠠᠵᠢᠯᠯᠠᠬᠤ ᠲᠠᠰᠤᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠨᠢ ᠪᠠᠷᠢᠮᠵᠢᠶ᠎ᠠ ᠳᠤ ᠬᠦᠷᠦᠭᠰᠡᠨ ᠡᠰᠡᠬᠦ᠂ ᠰᠤᠯᠠ ᠪᠣᠭᠤᠳᠠᠯᠯᠠᠭᠰᠠᠨ ᠢᠳᠡᠭᠡᠨ ᠤ ᠱᠣᠰᠢᠭ᠎ᠠ ᠲᠡᠮᠳᠡᠭ ᠨᠢ ᠵᠢᠷᠤᠮᠵᠢᠯ ᠲᠠᠢ ᠡᠰᠡᠬᠦ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠡᠰᠡᠬᠦ᠂ ᠬᠥᠯᠳᠡᠭᠡᠵᠦ ᠬᠠᠳᠠᠭᠠᠯᠠᠬᠤ ᠪᠤᠶᠤ ᠬᠥᠯᠳᠡᠭᠡᠵᠦ ᠪᠣᠷᠣᠯᠠᠭᠤᠯᠬᠤ ᠴᠢᠬᠤᠯᠠᠲᠠᠢ ᠢᠳᠡᠭᠡᠨ ᠢ ᠬᠠᠳᠠᠭᠠᠯᠠᠬᠤ ᠲᠥᠬᠦᠭᠡᠷᠦᠮᠵᠢ ᠶᠢᠨ ᠳᠤᠯᠠᠭᠠᠨ ᠤ ᠬᠡᠮᠵᠢᠶ᠎ᠡ ᠨᠢ ᠱᠠᠭᠠᠷᠳᠠᠯᠭ᠎ᠠ ᠳᠤ ᠬᠦᠷᠦᠭᠰᠡᠨ ᠡᠰᠡᠬᠦ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠨᠢᠭᠡᠴᠡ ᠶᠢ ᠰᠢᠪᠠᠳᠠᠨ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠲᠡᠳᠡᠨ ᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠪᠦᠲᠦᠮᠵᠢᠲᠡᠶ ᠠᠷᠢᠯᠭᠠᠵᠤ᠂ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ  ᠴᠢᠬᠤᠯᠠᠴᠢᠯᠠᠪᠠ᠃ ᠬᠥᠯᠳᠡᠭᠡᠭᠰᠡᠨ ᠤᠮᠳᠠᠭᠠᠨ᠂ ᠴᠠᠭᠠᠨ ᠢᠳᠡᠭᠡ᠂ ᠪᠤᠯᠭᠤᠭᠰᠠᠨ ᠬᠦᠢᠲᠡᠨ ᠵᠠᠭᠤᠰᠢ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠵᠣᠨ ᠤ ᠤᠯᠠᠷᠢᠯ ᠤᠨ ᠬᠡᠷᠡᠭᠯᠡᠭᠡᠨ ᠤ ᠬᠡᠮᠵᠢᠶ᠎ᠡ ᠪᠠᠷ ᠶᠡᠭᠡ ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠷᠢ ᠲᠡᠩᠴᠡᠬᠦ ᠦᠭᠡᠢ ᠪᠦᠲᠦᠭᠡᠭᠳᠡᠬᠦᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠵᠣᠨ ᠤ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠬᠡᠷᠡᠭᠯᠡᠭᠡᠨ ᠤ ᠰᠡᠷᠡᠮᠵᠢᠯᠡᠭᠦᠯᠦᠯ ᠢ ᠴᠠᠭ ᠲᠤᠨᠢ ᠲᠣᠬᠢᠷᠠᠭᠤᠯᠤᠨ ᠨᠡᠶᠢᠳᠡᠯᠡᠪᠡ᠃ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠪᠠ᠃ ᠠᠵᠢᠯᠯᠠᠵᠤ ᠪᠠᠶᠢᠭ᠎ᠠ ᠬᠥᠮᠥᠰ ᠤᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯᠯᠠᠵᠤ ᠪᠠᠶᠢᠭ᠎ᠠ ᠬᠥᠮᠥᠰ ᠲᠤ ᠡᠷᠡᠭᠦᠯ ᠮᠡᠨᠳᠦ ᠶᠢᠨ ᠪᠦᠲᠦᠮᠵᠢᠲᠡᠶ ᠭᠡᠷᠡᠴᠢ ᠣᠯᠭᠤᠵᠤ᠂ ᠠᠷᠢᠭᠤᠨ ᠴᠡᠪᠡᠷ ᠠᠵᠢᠯ ᠤᠨ ᠬᠤᠪᠴᠠᠰᠤ᠂ ᠮᠠᠯᠠᠭᠠᠢ ᠡᠮᠦᠰᠬᠡᠵᠦ᠂ ᠠᠮᠠᠪᠴᠢ ᠵᠡᠭᠦᠬᠦ ᠶᠢ ᠵᠢᠷᠤᠮᠵᠢᠭᠤᠯᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1