ᠲᠣᠭᠲᠠᠬᠤ ᠰᠢᠶᠠᠨ ᠤ 2023 ᠣᠨ ᠤ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/5/26
      5 ᠳ᠋ᠤᠭᠠᠷ ᠰᠠᠷ᠎ᠠ ᠶᠢᠨ 22 ᠤᠨ ᠡᠳᠦᠷ ᠠᠴᠠ 5 ᠰᠠᠷ᠎ᠠ ᠶᠢᠨ 28 ᠤ ᠡᠳᠦᠷ ᠪᠣᠯ ︽ᠪᠦᠬᠦ ᠤᠯᠤᠰ ᠤᠨ ᠭᠤᠶᠣᠯᠠᠯ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠤ ᠠᠬᠤᠶᠢᠯᠠᠯ ᠤᠨ ᠵᠠᠰᠠᠯ ᠴᠢᠮᠡᠭᠯᠡᠯ ᠤᠨ ᠡᠳ᠋ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠤᠬᠠᠭᠤᠯᠤᠨ ᠲᠤᠤᠱᠯᠠᠭᠤᠯᠵᠤ᠂ ᠵᠠᠰᠠᠯ ᠴᠢᠮᠡᠭᠯᠡᠯ ᠤᠨ ᠡᠳ᠋ ᠢ ᠠᠮᠤᠷ ᠲᠦᠪᠰᠢᠨ ᠢᠶᠠᠷ ᠬᠡᠷᠡᠭᠯᠡᠬᠦ ᠲᠤᠬᠠᠢ ᠣᠯᠠᠨ ᠨᠡᠶᠢᠲᠡ ᠶᠢᠨ ᠲᠠᠨᠢᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠠᠰᠠᠯ ᠴᠢᠮᠡᠭᠯᠡᠯ ᠤᠨ ᠡᠳ᠋ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠡᠷᠡᠭᠯᠡᠭᠦᠯᠬᠦ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠠᠰᠠᠯ ᠴᠢᠮᠡᠭᠯᠡᠯ ᠢ ᠠᠮᠤᠷ ᠲᠦᠪᠰᠢᠨ ᠢᠶᠠᠷ ᠬᠡᠷᠡᠭᠯᠡᠵᠦ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠪᠠᠷ ᠭᠤᠣᠯ ᠰᠡᠳᠦᠪ ᠪᠣᠯᠭᠠᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠳ ᠸᠠᠨ ᠰᠢᠩ ᠲᠠᠯᠠᠪᠠᠶ ᠳᠤ ᠬᠦᠷᠴᠦ ︽ᠠᠮᠤᠷ ᠲᠦᠪᠰᠢᠨ ᠢᠶᠠᠷ ᠵᠠᠰᠠᠯ ᠴᠢᠮᠡᠭᠯᠡᠯ ᠢ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ︾ ᠭᠤᠣᠯ ᠰᠡᠳᠦᠪ ᠤᠨ ᠲᠣᠭᠤᠷᠢᠨ ᠳᠤ ᠵᠠᠰᠠᠯ ᠴᠢᠮᠡᠭᠯᠡᠯ ᠤᠨ ᠡᠳ᠋ ᠤᠨ ᠠᠮᠤᠷ ᠲᠦᠪᠰᠢᠨ ᠤ ᠮᠡᠳᠡᠯᠭᠡ ᠶᠢᠨ ᠲᠤᠰᠬᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ︽ᠵᠠᠰᠠᠯ ᠴᠢᠮᠡᠭᠯᠡᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ︽ᠵᠠᠰᠠᠯ ᠴᠢᠮᠡᠭᠯᠡᠯ ᠤᠨ ᠡᠳ᠋ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠠᠵᠤ ᠠᠬᠤᠶᠢᠯᠠᠯ ᠤᠨ ᠵᠠᠰᠠᠯ ᠴᠢᠮᠡᠭᠯᠡᠯ ᠤᠨ ᠡᠳ᠋ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠵᠡᠷᠭᠡ ᠲᠣᠭᠲᠠᠭᠠᠯ ᠢ ᠤᠬᠠᠭᠤᠯᠵᠤ᠂ ᠲᠤᠬᠠᠢ ᠶᠢᠨ ᠲᠠᠯᠠᠪᠤᠷ ᠲᠤ ᠬᠡᠷᠡᠭᠯᠡᠭᠴᠢᠳ ᠲᠤ 100 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ᠂ 80 ᠭᠠᠷᠤᠢ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠲᠠᠪᠴᠠᠩ ᠭᠠᠷᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠠᠰᠠᠭᠤᠨ ᠯᠠᠪᠯᠠᠬᠤ ᠶᠢ 20 ᠭᠠᠷᠤᠢ ᠬᠥᠮᠥᠨ ᠭᠥᠯᠢᠶᠡᠨ ᠠᠪᠴᠤ᠂ ᠨᠢᠭᠤᠷᠲᠠᠨ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠬᠡᠷᠡᠭᠯᠡᠭᠴᠢᠳ ᠲᠤ ᠬᠠᠭᠤᠷᠮᠠᠭ ᠮᠠᠭᠤ ᠦᠢᠯᠡᠳᠬᠦᠨ ᠢ ᠬᠡᠷᠬᠢᠨ ᠢᠯᠭᠠᠨ ᠲᠣᠳᠣᠯᠠᠬᠤ᠂ ᠭᠤᠶᠣᠯᠠᠯ ᠤᠨ ᠡᠳ᠋ ᠬᠤᠳᠠᠯᠳᠤᠨ ᠠᠪᠬᠤ ᠳᠤ ᠵᠠᠪᠠᠯ ᠵᠢᠩᠬᠢᠨᠢ ᠠᠷᠭ᠎ᠠ ᠵᠠᠮ᠂ ᠵᠢᠩᠬᠢᠨᠢ ᠡᠵᠡᠩᠨᠡᠯᠲᠡ ᠶᠢᠨ ᠦᠨᠡᠮᠯᠡᠯ ᠲᠠᠢ ᠲᠠᠯᠠᠪᠤᠷ ᠠᠴᠠ ᠬᠤᠳᠠᠯᠳᠤᠨ ᠠᠪᠬᠤ ᠬᠡᠷᠡᠭᠲᠡᠢ ᠪᠥᠭᠡᠳ ᠬᠤᠳᠠᠯᠳᠤᠨ ᠠᠪᠬᠤ ᠳᠠᠭᠠᠨ ᠵᠠᠪᠠᠯ ᠪᠠᠷᠢᠮᠲᠠ᠂ ᠪᠠᠷᠠᠭ᠎ᠠ ᠬᠤᠳᠠᠯᠳᠤᠨ ᠠᠪᠤᠭᠰᠠᠨ ᠭᠡᠷᠡᠴᠢ ᠵᠡᠷᠭᠡ ᠶᠢ ᠠᠪᠬᠤ ᠬᠡᠷᠡᠭᠲᠡᠢ ᠭᠡᠵᠦ ᠬᠡᠯᠡᠵᠦ ᠥᠭᠴᠡᠢ᠃
     ᠲᠣᠰ ᠤᠳᠠᠭᠠᠨ ᠤ ᠤᠬᠠᠭᠤᠯᠭ᠎ᠠ ᠶᠢᠨ ᠭᠠᠷᠠᠭ ᠲᠤ ᠬᠡᠷᠡᠭᠯᠡᠭᠴᠢᠳ ᠲᠤ ᠭᠤᠶᠣᠯᠠᠯ ᠤᠨ ᠡᠳ᠋ ᠤᠨ ᠦᠨᠳᠦᠰᠦᠨ ᠮᠡᠳᠡᠯᠭᠡ᠂ ᠠᠮᠢᠳᠤᠷᠠᠯ ᠤᠨ ᠭᠤᠶᠣᠯᠠᠯ ᠪᠠ ᠡᠮᠴᠢᠯᠡᠭᠡᠨ ᠤ ᠭᠤᠶᠣᠯᠠᠯ ᠤᠨ ᠢᠯᠭᠠᠭ᠎ᠠ᠂ ᠭᠤᠶᠣᠯᠠᠯ ᠤᠨ ᠡᠳ᠋ ᠤᠨ ᠱᠣᠰᠢᠭ᠎ᠠ ᠶᠢ ᠬᠡᠷᠬᠢᠨ ᠦᠵᠡᠵᠦ ᠣᠶᠢᠯᠠᠭᠠᠬᠤ᠂ ᠭᠤᠶᠣᠯᠠᠯ ᠤᠨ ᠡᠳ᠋ ᠤᠨ ᠪᠦᠲᠦᠭᠡᠭᠳᠡᠬᠦᠨ ᠤ ᠮᠡᠳᠡᠭᠡ ᠵᠠᠩᠭᠢ ᠶᠢ ᠪᠠᠶᠢᠴᠠᠭᠠᠬᠤ ᠳᠤ ᠠᠩᠬᠠᠷᠬᠤ ᠵᠦᠢᠯᠡᠰ ᠢ ᠬᠡᠷᠬᠢᠨ ᠬᠤᠳᠠᠯᠳᠤᠨ ᠠᠪᠬᠤ ᠶᠢ ᠤᠬᠠᠭᠤᠯᠪᠠ᠃ ︽ᠠᠵᠤ ᠠᠬᠤᠶᠢᠯᠠᠯ ᠤᠨ ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ᠢ ᠤᠬᠠᠭᠤᠯᠤᠨ ᠲᠤᠤᠱᠯᠠᠭᠤᠯᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠨᠡᠶᠢᠭᠡᠮ ᠨᠡᠶᠢᠲᠡ ᠶᠢᠨ ᠵᠠᠰᠠᠯ ᠴᠢᠮᠡᠭ ᠤᠨ ᠡᠳ᠋ ᠤᠨ ᠲᠤᠬᠠᠢ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠰᠠᠯ ᠴᠢᠮᠡᠭ ᠤᠨ ᠡᠳ᠋ ᠤᠨ ᠦᠢᠯᠡᠳᠪᠦᠷᠢᠯᠡᠨ ᠡᠵᠡᠩᠨᠡᠭᠴᠢ ᠶᠢᠨ ᠬᠠᠤᠯᠢ ᠶᠣᠰᠣᠭᠠᠷ ᠵᠢᠷᠤᠮᠵᠢᠭᠤᠯᠤᠨ ᠦᠢᠯᠡᠳᠪᠦᠷᠢᠯᠡᠵᠦ ᠡᠵᠡᠩᠨᠡᠬᠦ ᠶᠢ ᠰᠢᠮᠳᠠᠭᠤᠯᠵᠤ᠂ ᠠᠷᠠᠳ ᠣᠯᠠᠨ ᠤ ᠵᠠᠰᠠᠯ ᠴᠢᠮᠡᠭ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃
     ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠬᠦᠷᠴᠦ ᠵᠠᠰᠠᠯ ᠴᠢᠮᠡᠭᠯᠡᠯ ᠤᠨ ᠡᠳ᠋ ᠤᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠵᠠᠰᠠᠯ ᠴᠢᠮᠡᠭᠯᠡᠯ ᠤᠨ ᠡᠳ᠋ ᠤᠨ ᠱᠣᠰᠢᠭ᠎ᠠ ᠲᠡᠮᠳᠡᠭ ᠤᠨ ᠮᠡᠳᠡᠭᠡ ᠵᠠᠩᠭᠢ ᠨᠢ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠮᠡᠳᠡᠭᠡ ᠵᠠᠩᠭᠢ ᠲᠠᠢ ᠨᠢᠭᠡᠳᠦᠯᠲᠡᠢ ᠪᠠᠶᠢᠬᠤ ᠡᠰᠡᠬᠦ᠂ ᠲᠣᠭᠲᠠᠭᠠᠯ  ᠠᠴᠠ ᠵᠥᠷᠢᠴᠡᠭᠰᠡᠨ ᠠᠭᠤᠯᠭ᠎ᠠ᠂ ᠦᠢᠯᠡᠳᠬᠦᠨ ᠤ ᠢᠷᠡᠯᠲᠡ ᠶᠢᠨ ᠠᠷᠭ᠎ᠠ ᠵᠠᠮ᠂ ᠬᠠᠳᠠᠭᠠᠯᠠᠮᠵᠢ᠂ ᠣᠶᠢᠷ᠎ᠠ ᠬᠤᠭᠤᠴᠠᠭᠠᠨ ᠤ ᠦᠢᠯᠡᠳᠬᠦᠨ ᠤ ᠬᠠᠮᠢᠶᠠᠷᠤᠯᠲᠠ ᠵᠢᠴᠢ ᠬᠤᠯᠪᠣᠭᠳᠠᠯ ᠪᠦᠬᠦᠢ ᠪᠠᠷᠠᠭ᠎ᠠ ᠣᠷᠣᠭᠤᠯᠤᠭᠰᠠᠨ ᠫᠢᠶᠣᠣ ᠪᠠᠷᠢᠮᠲᠠ ᠶᠢ ᠨᠡᠬᠡᠵᠦ ᠠᠪᠤᠭᠰᠠᠨ ᠡᠰᠡᠬᠦ ᠵᠢᠴᠢ ᠪᠠᠷᠠᠭ᠎ᠠ ᠣᠷᠣᠭᠤᠯᠤᠭᠰᠠᠨ ᠡᠬᠡ ᠲᠠᠩᠰᠠ ᠪᠠᠶᠢᠭᠤᠯᠤᠭᠰᠠᠨ ᠡᠰᠡᠬᠦ ᠵᠡᠷᠭᠡ ᠪᠠᠶᠢᠳᠠᠯ ᠢ ᠲᠤᠬᠠᠢ ᠶᠢᠨ ᠲᠠᠯᠠᠪᠤᠷ ᠲᠤᠨᠢ ᠰᠣᠩᠭᠤᠨ ᠪᠠᠶᠢᠴᠠᠭᠠᠪᠠ᠃ ᠡᠭᠦᠨ ᠤ ᠬᠠᠮᠲᠤ᠂ ᠡᠵᠡᠩᠨᠡᠯᠲᠡ ᠶᠢᠨ ᠠᠵᠤ ᠠᠬᠤᠶᠢᠯᠠᠯ ᠳᠤ ᠭᠡᠷ ᠲᠤᠨᠢ ᠬᠦᠷᠴᠦ ᠵᠠᠰᠠᠯ ᠴᠢᠮᠡᠭᠯᠡᠯ ᠤᠨ ᠡᠳ᠋ ᠤᠨ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠵᠠᠰᠠᠯ ᠴᠢᠮᠡᠭᠯᠡᠯ ᠤᠨ ᠡᠳ᠋ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠬᠤ ᠪᠣᠯ ᠵᠠᠰᠠᠯ ᠴᠢᠮᠡᠭᠯᠡᠯ ᠤᠨ ᠡᠳ᠋ ᠤᠨ ᠶᠠᠰᠤ ᠴᠢᠨᠠᠷ ᠢ ᠪᠠᠲᠤᠯᠠᠬᠤ ᠪᠦᠲᠦᠮᠵᠢᠲᠡᠶ ᠠᠷᠭ᠎ᠠ ᠪᠠᠷᠢᠯ ᠪᠣᠯᠬᠤ ᠮᠥᠷᠲᠡᠭᠡᠨ ᠪᠠᠰᠠ ᠡᠵᠡᠩᠨᠡᠯᠲᠡ ᠶᠢᠨ ᠠᠵᠤ ᠠᠬᠤᠶᠢᠯᠠᠯ ᠤᠨ ᠪᠦᠲᠦᠮᠵᠢᠲᠡᠶ ᠬᠠᠮᠠᠭᠠᠯᠠᠯᠲᠠ ᠪᠣᠯᠣᠨ᠎ᠠ ᠭᠡᠳᠡᠭ ᠢ ᠭᠦᠢᠴᠡᠳ ᠲᠠᠨᠢᠭᠤᠯᠪᠠ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠶᠣᠯᠠᠯ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠶᠠᠰᠤ ᠴᠢᠨᠠᠷ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠬᠠᠤᠯᠢ ᠶᠢ ᠰᠠᠬᠢᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠵᠤ᠂ ᠬᠡᠷᠡᠭᠯᠡᠭᠴᠢᠳ ᠤᠨ ᠭᠤᠶᠣᠯᠠᠯ ᠤᠨ ᠡᠳ᠋ ᠢ ᠠᠮᠤᠷ ᠲᠦᠪᠰᠢᠨ ᠢᠶᠠᠷ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠦᠨ᠂ ᠭᠤᠶᠣᠯᠠᠯ ᠤᠨ ᠡᠳ᠋ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1