ᠦᠪᠦᠷ ᠮᠣᠩᠭᠤᠯ ᠣᠷᠤᠨ ᠤ ᠬᠠᠮᠤᠭ ᠠᠩᠬᠠᠨ ᠤ《ᠡᠷᠡᠬᠡᠢ ᠮᠡᠷᠭᠡᠨ 》 ᠬᠠᠷᠪᠤᠭᠠᠴᠢᠨ ᠲᠣᠳᠤᠷᠠᠯ᠎ᠠ
ᠨᠡᠶᠢᠲᠡᠯᠡᠭᠰᠡᠨ ᠴᠠᠭ᠄
2023/5/26
      5 ᠰᠠᠷ᠎ᠠ ᠶᠢᠨ 16 ᠠᠴᠠ 18 ᠤ ᠡᠳᠤᠷ ᠪᠤᠯᠳᠠᠯ᠎ᠠ᠂ ᠦᠪᠦᠷ ᠮᠤᠩᠭᠤᠯ ᠤᠨ ᠰᠢᠯᠢ ᠶᠢᠨ ᠭᠤᠣᠯ ᠠᠶᠢᠮᠠᠭ ᠤᠨ ᠬᠦᠪᠡᠭᠡᠳᠤ ᠰᠢᠷ᠎ᠠ ᠬᠤᠰᠢᠭᠤᠨ ᠤ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠬᠦᠪᠡᠭᠡᠳᠤ ᠰᠢᠷ᠎ᠠ ᠬᠤᠰᠢᠭᠤᠨ ᠤ ᠰᠤᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠠᠴᠠ ᠲᠠᠭᠠᠭᠠᠴᠢᠯᠠᠨ ᠡᠷᠬᠢᠯᠡᠭᠰᠡᠨ ︽ᠲᠤᠮᠳᠠᠳᠤ ᠤᠯᠣᠰ ᠤᠨ ᠪᠡᠶ᠎ᠡ ᠶᠢᠨ ᠲᠠᠮᠢᠷ ᠤᠨ ᠱᠠᠩᠨᠠᠯᠳᠤ ᠰᠤᠭᠤᠯᠤᠭ᠎ᠠ︾ ᠬᠤᠨᠳᠠᠭᠠᠳᠤ ᠤᠯᠠᠮᠵᠢᠯᠠᠯᠳᠤ ᠬᠠᠷᠪᠤᠭ᠎ᠠ ᠶᠢᠨ ᠤᠷᠢᠯᠭᠠᠳᠤ ᠤᠷᠤᠯᠳᠤᠭᠠᠨ ᠵᠢᠴᠢ ︽ᠴᠠᠭᠠᠨ‌‍ᠱᠤᠩᠬᠤᠷ︾ ᠬᠤᠨᠳᠠᠭᠠᠳᠤ ᠱᠠᠩᠨᠠᠯᠳᠤ ᠤᠷᠤᠯᠳᠤᠭᠠᠨ ᠳᠤ ᠮᠤᠩᠭᠤᠯ ᠤᠯᠣᠰ ᠤᠨ ᠤᠯᠠᠮᠵᠢᠯᠠᠯᠳᠤ ᠰᠤᠷ ᠬᠠᠷᠪᠤᠭᠠᠨ ᠤ ᠨᠡᠶᠢᠭᠡᠮᠯᠢᠭ ᠤᠨ ᠬᠠᠷᠪᠤᠭᠠᠴᠢᠳ ᠪᠤᠯᠤᠨ ᠦᠪᠦᠷ ᠮᠤᠩᠭᠤᠯ ᠤᠨ ᠡᠯ᠎ᠡ ᠠᠶᠢᠮᠠᠭ ᠬᠤᠲᠠ  ᠬᠤᠰᠢᠭᠤ ᠶᠢᠨ 400  ᠭᠠᠷᠤᠢ ᠬᠠᠷᠪᠤᠭᠠᠴᠢᠨ ᠤᠷᠤᠯᠴᠠᠭᠰᠠᠨ ᠪᠠᠶᠢᠨ᠎ᠠ᠃
           ᠲᠤᠰ ᠣᠳᠠᠭᠠᠨ ᠤ ᠤᠷᠤᠯᠳᠤᠭᠠᠨ ᠤ ᠬᠠᠮᠳᠤ ᠨᠢᠭᠡᠴᠡ ᠶᠢᠨ ᠤᠷᠤᠯᠳᠤᠭᠠᠨ ᠳᠤ ᠣᠷᠳᠤᠰ ᠬᠤᠲᠠ ᠶᠢᠨ ᠦᠤᠰᠢᠨ ᠬᠤᠰᠢᠭᠤᠨ ᠤ ᠲᠦᠯᠥᠭᠡᠯᠡᠭᠴᠢᠳ ᠤᠨ ᠪᠦᠯᠭᠦᠮ ᠲᠡᠷᠢᠭᠦᠨ  ᠲᠠᠰ ᠲᠤ ᠲᠤᠳᠤᠷᠠᠵᠤ᠂ ᠬᠤᠪᠢ ᠬᠦᠮᠦᠨ ᠤ ᠤᠷᠤᠯᠳᠤᠭᠠᠨ ᠳᠤ ᠣᠷᠳᠤᠰ ᠬᠤᠲᠠ ᠶᠢᠨ ᠦᠤᠰᠢᠨ ᠬᠤᠰᠢᠭᠤᠨ ᠤ ᠨᠤᠷᠪᠤ ᠨᠢᠭᠡᠳᠤᠭᠡᠷ ᠲᠠᠰ ᠲᠤ ᠲᠤᠳᠤᠷᠠᠵᠤ᠂ ᠮᠦᠩᠭᠦᠨ ᠪᠦᠢᠯᠡ ᠲᠠᠢ ᠲᠡᠮᠡᠭᠡ ᠪᠤᠯᠤᠨ ᠨᠠᠶᠠᠨ ᠨᠢᠭᠡ ᠶᠢᠨ ᠱᠠᠩ ᠬᠦᠷᠳᠡᠵᠦ᠂ ᠦᠤᠰᠢᠨ ᠬᠤᠰᠢᠭᠤᠨ ᠤ ᠪᠠᠷᠰ ᠬᠤᠶᠠᠳᠤᠭᠠᠷ ᠲᠠᠰ ᠲᠤ ᠲᠤᠳᠤᠷᠠᠵᠤ᠂ ᠡᠮᠡᠭᠡᠯ ᠬᠠᠵᠠᠭᠠᠷ ᠲᠠᠢ ᠮᠣᠷᠢ ᠪᠠᠷ ᠱᠠᠩᠨᠠᠭᠳᠠᠵᠤ᠂ ᠤᠯᠠᠮᠵᠢᠯᠠᠯᠲᠤ ᠬᠠᠷᠪᠤᠭᠠᠨ ᠤ  ᠬᠠᠮᠤᠭ ᠤᠨ ᠠᠩᠬᠠᠳᠠᠭᠴᠢ ᠴᠤᠯᠠ ᠤᠯᠭᠤᠬᠤ ᠤᠷᠤᠯᠳᠤᠭᠠᠨ ᠳᠤ ᠣᠷᠳᠤᠰ ᠬᠤᠲᠠ ᠶᠢᠨ ᠦᠤᠰᠢᠨ ᠬᠤᠰᠢᠭᠤᠨ ᠤ ᠬᠠᠰᠮᠦ᠋ᠷᠡᠨ ︽ᠡᠷᠡᠭᠡᠢ ᠮᠡᠷᠭᠡᠨ︾ ᠬᠠᠷᠪᠤᠭᠠᠴᠢᠨ᠂ ᠨᠤᠷᠪᠤ ︽ᠰᠤᠳᠣᠨ︾  ᠬᠠᠷᠪᠤᠭᠠᠴᠢᠨ᠂ ᠪᠠᠶᠠᠠᠬᠠᠩᠭᠠᠢ᠂ ᠴᠤᠪᠤᠭᠤ᠂ ᠪᠠᠷᠰ ︽ᠰᠢᠯᠢᠳᠡᠭ︾   ᠬᠠᠷᠪᠤᠭᠠᠴᠢᠨ ᠢᠶᠠᠷ ᠲᠤᠰ ᠲᠤᠰ ᠴᠣᠯᠠᠯᠠᠭᠳᠠᠭᠰᠠᠨ ᠪᠠᠶᠢᠨ᠎ᠠ᠃                ᠢᠷᠡᠯᠳᠠ᠄ ᠣᠷᠳᠣᠰ ᠬᠤᠳᠠ ᠶᠢᠨ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1