ᠣᠶᠢᠯᠠᠭᠠᠭᠰᠠᠨ ᠢᠶᠠᠷ᠂ 2023 ᠣᠨ ᠳᠤ ᠠᠨᠠᠭᠠᠬᠤ ᠶᠢᠨ ᠶᠡᠭᠡ ᠲᠡᠭᠡᠳᠤ ᠰᠤᠷᠭᠠᠭᠤᠯᠢ ᠠᠴᠠ ᠳᠤᠮᠳᠠ | ᠪᠠᠷᠠᠭᠤᠨ ᠪᠦᠰᠡ ᠨᠤᠳᠤᠭ ᠤᠨ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ | ᠬᠠᠨᠳᠤᠯᠭ᠎ᠠ ᠲᠠᠢ ᠪᠠᠷ ᠰᠦᠢᠳᠬᠡᠯ ᠬᠤᠷᠢᠶᠠᠬᠤ ᠥᠬᠡᠶ ᠲᠠᠪᠤᠨ ᠵᠢᠯ ᠤᠨ ᠳᠦᠷᠢᠮᠲᠦ ᠪᠦᠷᠢᠨ ᠮᠡᠷᠭᠡᠵᠢᠯ ᠤᠨ | ᠠᠩᠭᠢ ᠶᠢᠨ ᠠᠨᠠᠭᠠᠬᠤ ᠤᠬᠠᠭᠠᠨ ᠤ ᠰᠣᠷᠣᠭᠴᠢ ᠶᠢ ᠨᠡᠶᠢᠲᠡ 6150 ᠶᠢ ᠬᠥᠮᠦᠵᠢᠭᠦᠯᠬᠦ ᠶᠢ ᠲᠥᠪ ᠤᠨ ᠡᠳ᠋ ᠤᠨ | ᠵᠠᠰᠠᠭ ᠠᠴᠠ ᠳᠡᠮᠵᠢᠬᠦ ᠪᠠᠷ ᠪᠣᠯᠵᠡᠢ᠂ ᠲᠤᠰᠬᠠᠶ ᠮᠡᠷᠭᠡᠵᠢᠯ ᠳᠤ ᠡᠮᠴᠢᠯᠡᠭᠡᠨ ᠤ ᠠᠨᠠᠭᠠᠬᠤ ᠤᠬᠠᠭᠠᠨ᠂ ᠬᠢᠲᠠᠳ | ᠠᠨᠠᠭᠠᠬᠤ ᠤᠬᠠᠭᠠᠨ᠂ ᠮᠣᠩᠭᠤᠯ ᠠᠨᠠᠭᠠᠬᠤ ᠤᠬᠠᠭᠠᠨ ᠪᠠ ᠤᠶᠢᠭᠤᠷ ᠠᠨᠠᠭᠠᠬᠤ ᠤᠬᠠᠭᠠᠨ ᠪᠠᠭᠲᠠᠨ᠎ᠠ᠃ | | ᠰᠦᠢᠳᠬᠡᠯ ᠬᠤᠷᠢᠶᠠᠬᠤ ᠥᠬᠡᠶ ᠠᠨᠠᠭᠠᠬᠤ ᠤᠬᠠᠭᠠᠨ ᠤ ᠬᠠᠨᠳᠤᠯᠭ᠎ᠠ ᠲᠠᠢ ᠪᠠᠷ ᠰᠣᠷᠣᠭᠴᠢ ᠡᠯᠰᠡᠬᠦ | ᠲᠥᠯᠥᠪᠯᠡᠭᠡ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠴᠥᠮ ᠲᠤᠬᠠᠶ ᠶᠢᠨ ᠵᠢᠯ ᠤᠨ ᠪᠥᠬᠦ ᠤᠯᠤᠰ ᠤᠨ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠤᠯᠴᠠᠨ᠎ᠠ᠂ ᠰᠤᠷᠤᠭᠴᠢ | ᠬᠦᠮᠦᠵᠢᠭᠦᠯᠬᠦ ᠰᠤᠷᠭᠠᠭᠤᠯᠢ ᠨᠢ ᠵᠥᠪᠬᠡᠨ ᠬᠥᠳᠡᠭᠡ ᠲᠣᠰᠬᠤᠨ ᠤ ᠰᠣᠷᠣᠭᠴᠢ ᠶᠢ ᠡᠯᠰᠡᠵᠦ᠂ ᠪᠦᠷᠢᠨ ᠮᠡᠷᠭᠡᠵᠢᠯ ᠤᠨ | ᠠᠩᠭᠢ ᠶᠢᠨ ᠤᠷᠢᠳᠴᠢᠯᠠᠭᠰᠠᠨ ᠪᠦᠯᠦᠭ ᠤᠳᠠᠭ᠎ᠠ ᠳᠤ ᠡᠯᠰᠡᠨ᠎ᠡ᠃ | ᠰᠦᠢᠳᠬᠡᠯ ᠬᠤᠷᠢᠶᠠᠬᠤ ᠥᠬᠡᠶ ᠬᠠᠨᠳᠤᠯᠭ᠎ᠠ ᠲᠠᠢ ᠪᠠᠷ ᠬᠦᠮᠦᠵᠢᠭᠦᠯᠬᠦ ᠠᠨᠠᠭᠠᠬᠤ ᠤᠬᠠᠭᠠᠨ ᠤ ᠪᠦᠷᠢᠨ | ᠮᠡᠷᠭᠡᠵᠢᠯ ᠤᠨ ᠠᠩᠭᠢ ᠶᠢᠨ ᠰᠣᠷᠣᠭᠴᠢ ᠶᠢ ᠡᠯᠰᠡᠭᠰᠡᠨ ᠤ ᠳᠠᠷᠠᠭ᠎ᠠ᠂ ᠰᠤᠷᠭᠠᠭᠤᠯᠢ ᠳᠤ ᠣᠷᠣᠬᠤ ᠮᠡᠳᠡᠭᠳᠡᠯ ᠤᠨ | ᠪᠢᠴᠢᠭ ᠢ ᠤᠯᠬᠤ ᠠᠴᠠ ᠡᠮᠦᠨ᠎ᠡ᠂ ᠬᠥᠮᠦᠵᠢᠭᠦᠯᠬᠦ ᠶᠡᠭᠡ ᠳᠡᠭᠡᠳᠦ ᠰᠤᠷᠭᠠᠭᠤᠯᠢ ᠪᠠ ᠬᠠᠨᠳᠤᠯᠭ᠎ᠠ ᠲᠠᠢ ᠪᠠᠷ | ᠲᠤᠮᠢᠯᠠᠭᠳᠠᠨ ᠠᠵᠢᠯᠯᠠᠬᠤ ᠭᠠᠵᠠᠷ ᠤᠨ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ | ᠬᠥᠮᠦᠨ ᠤ ᠨᠥᠭᠡᠴᠡ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠰᠦᠢᠳᠬᠡᠯ | ᠬᠤᠷᠢᠶᠠᠬᠤ ᠥᠬᠡᠶ ᠪᠠᠷ ᠬᠠᠨᠳᠤᠯᠭ᠎ᠠ ᠲᠠᠢ ᠬᠦᠮᠦᠵᠢᠭᠦᠯᠬᠦ ᠰᠤᠷᠤᠭᠴᠢᠳ ᠤᠨ ᠰᠤᠷᠭᠠᠭᠤᠯᠢ ᠳᠤ ᠪᠠᠶᠢᠬᠤ | ᠬᠤᠭᠤᠴᠠᠭᠠᠨ ᠳᠠᠬᠢ ᠡᠷᠦᠬᠡ ᠠᠮᠠ ᠶᠢᠨ ᠲᠠᠩᠰᠠ ᠶᠢ ᠮᠥᠨ ᠬᠦ ᠤᠤᠯ ᠤᠨ ᠡᠷᠦᠬᠡ ᠠᠮᠠ ᠶᠢᠨ ᠲᠠᠩᠰᠠ ᠶᠢᠨ ᠪᠠᠶᠢᠭ᠎ᠠ | ᠭᠠᠵᠠᠷ ᠲᠤᠨᠢ ᠦᠯᠡᠳᠡᠭᠡᠵᠦ᠂ ᠲᠡᠭᠦᠰᠦᠭᠰᠡᠨ ᠤ ᠳᠠᠷᠠᠭ᠎ᠠ ᠬᠠᠮᠢᠶᠠᠲᠠᠢ ᠲᠣᠭᠲᠠᠭᠠᠯ ᠶᠣᠰᠣᠭᠠᠷ ᠪᠤᠳᠠᠲᠠᠢ ᠲᠤᠭᠳᠠᠭᠰᠠᠨ | ᠠᠵᠢᠯᠯᠠᠬᠤ ᠭᠠᠵᠠᠷ ᠲᠤᠨᠢ ᠰᠢᠯᠵᠢᠭᠦᠯᠵᠤ ᠥᠭᠭᠦᠨ᠎ᠡ᠃ | ᠢᠷᠡᠯᠳᠡ᠄ ᠠᠷᠠᠳ ᠤᠨ ᠰᠦᠯᠵᠢᠶ᠎ᠡ | |