ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/5/29
      ᠤᠯᠠᠨ ᠨᠡᠶᠢᠲᠡ ᠶᠢᠨ ᠵᠠᠰᠠᠯ ᠴᠢᠮᠡᠭ ᠤᠨ ᠡᠳ᠋ ᠤᠨ ᠬᠡᠷᠡᠭᠯᠡᠭᠡᠨ ᠤ ᠠᠮᠤᠷ ᠲᠦᠪᠰᠢᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠢ ᠬᠡᠷᠡᠭᠯᠡᠬᠦ ᠬᠠᠮᠢᠶ᠎ᠠ ᠪᠦᠬᠦᠢ ᠮᠡᠳᠡᠯᠭᠡ ᠶᠢ ᠪᠠᠲᠤᠯᠠᠵᠤ᠂ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠲᠤᠬᠠᠢ ᠤᠯᠠᠨ ᠨᠡᠶᠢᠲᠡ ᠶᠢᠨ ᠲᠠᠨᠢᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠵᠠᠰᠠᠯ ᠴᠢᠮᠡᠭ ᠤᠨ ᠡᠳ᠋ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠶᠢᠨ ᠲᠥᠯᠥᠭᠡ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠨ ᠠᠷᠭ᠎ᠠ ᠬᠡᠮᠵᠢᠶ᠎ᠡ ᠪᠠᠷ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠷᠢᠰ‌ᠠᠵᠢᠯᠯᠭ᠎ᠠ ᠦᠷᠨᠢᠭᠦᠯᠪᠡ᠃      ᠸᠠᠨ ᠰᠢᠩ ᠲᠠᠯᠠᠪᠠᠢ ᠳᠤ ᠮᠡᠳᠡᠯᠭᠡ ᠤᠬᠠᠭᠤᠯᠤᠨ ᠲᠠᠶᠢᠯᠪᠤᠷᠢᠯᠠᠬᠤ᠂ ᠠᠰᠠᠭᠤᠨ ᠯᠠᠪᠯᠠᠬᠤ ᠪᠠ ᠤᠬᠠᠭᠤᠯᠭ᠎ᠠ ᠶᠢᠨ ᠮᠠᠲᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠥᠷᠭᠡᠨ ᠤᠯᠠᠨ ᠬᠤᠲᠠ ᠶᠢᠨ ᠠᠷᠠᠳ ᠲᠤ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠢ ᠤᠬᠠᠭᠤᠯᠪᠠ᠃ ᠬᠠᠤᠯᠢ ᠬᠡᠷᠡᠭᠵᠢᠭᠦᠯᠬᠦ ᠠᠵᠢᠯᠲᠠᠨ ᠭᠤᠶᠣᠯᠠᠯ ᠤᠨ ᠡᠳ᠋ ᠢ ᠬᠡᠷᠬᠢᠨ ᠵᠥᠪ ᠣᠨᠣᠪᠴᠢᠲᠠᠶ ᠰᠣᠩᠭᠤᠨ ᠬᠤᠳᠠᠯᠳᠤᠨ ᠠᠪᠬᠤ᠂ ᠭᠤᠶᠣᠯᠠᠯ ᠤᠨ ᠡᠳ᠋ ᠢ ᠰᠣᠩᠭᠤᠨ ᠬᠤᠳᠠᠯᠳᠤᠨ ᠠᠪᠬᠤ ᠳᠤ ᠶᠠᠮᠠᠷ ᠶᠠᠮᠠᠷ ᠤᠴᠢᠷ ᠶᠠᠪᠤᠳᠠᠯ ᠢ ᠠᠩᠬᠠᠷᠬᠤ ᠲᠤᠬᠠᠢ ᠨᠠᠷᠢᠨ ᠲᠠᠶᠢᠯᠪᠤᠷᠢᠯᠠᠯᠲᠠ ᠬᠢᠵᠡᠢ᠃ ᠠᠵᠢᠯᠯᠠᠭ᠎ᠠ ᠶᠢᠨ ᠲᠤᠬᠠᠢ ᠶᠢᠨ ᠡᠳᠦᠷ ᠲᠤ᠂ ᠨᠡᠶᠢᠲᠡ 100 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ᠂ 80 ᠭᠠᠷᠤᠢ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠶᠢ 20 ᠭᠠᠷᠤᠢ ᠬᠥᠮᠥᠨ ᠭᠥᠯᠢᠶᠡᠨ ᠠᠪᠴᠠᠢ᠃
     ᠴᠠᠩ ᠱᠧᠩ ᠡᠮ ᠤᠨ ᠬᠢᠵᠠᠭᠠᠷᠲᠤ ᠺᠣᠮᠫᠠᠨᠢ ᠳᠤ ᠬᠦᠷᠴᠦ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ ᠶᠢᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠪᠣᠯᠪᠠᠰᠤᠷᠠᠯ ᠥᠷᠨᠢᠭᠦᠯᠵᠦ᠂ ︽ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ︽ᠵᠠᠰᠠᠯ ᠴᠢᠮᠡᠭ ᠤᠨ ᠡᠳ᠋ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠤᠣᠯᠳᠠᠯᠭ᠎ᠠ ᠲᠠᠢ ᠤᠬᠠᠭᠤᠯᠤᠨ ᠲᠤᠤᠱᠯᠠᠭᠤᠯᠵᠤ᠂ ᠠᠵᠤ ᠠᠬᠤᠶᠢᠯᠠᠯ ᠢ ᠱᠠᠭᠠᠷᠳᠠᠵᠤ ᠪᠠᠶᠢᠭᠠᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠠᠰᠠᠯ ᠴᠢᠮᠡᠭ ᠤᠨ ᠡᠳ᠋ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠤᠷᠢᠨ ᠳᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠬᠤᠲᠠ ᠶᠢᠨ ᠠᠷᠠᠳ ᠤᠨ ᠵᠠᠰᠠᠯ ᠴᠢᠮᠡᠭ ᠤᠨ ᠠᠮᠤᠷ ᠲᠦᠪᠰᠢᠨ ᠢ ᠰᠡᠷᠭᠡᠶᠢᠯᠡᠬᠦ ᠤᠬᠠᠮᠰᠠᠷ ᠢ ᠲᠡᠭᠡᠭᠰᠢᠯᠡᠭᠦᠯᠪᠡ᠃
     ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠦᠷᠴᠦ ᠰᠣᠷᠣᠭᠴᠢ ᠵᠢᠴᠢ ᠬᠡᠦᠬᠡᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤ ᠰᠢᠨᠵᠢᠯᠡᠬᠦ ᠤᠬᠠᠭᠠᠨᠴᠢ ᠪᠠᠷ ᠭᠤᠶᠣᠯᠠᠯ ᠤᠨ ᠡᠳ᠋ ᠪᠠ ᠬᠡᠦᠬᠡᠳ ᠤᠨ ᠭᠤᠶᠣᠯᠠᠯ ᠤᠨ ᠡᠳ᠋ ᠤᠨ ᠮᠡᠳᠡᠯᠭᠡ ᠶᠢ ᠰᠣᠩᠭᠤᠨ ᠥᠭᠴᠦ᠂ ᠰᠣᠷᠣᠭᠴᠢ᠂ ᠬᠡᠦᠬᠡᠳ ᠢ ᠬᠥᠲᠥᠯᠥᠨ ᠵᠢᠯᠤᠭᠤᠳᠴᠤ ᠭᠤᠶᠣᠯᠠᠯ ᠤᠨ ᠡᠳ᠋᠂ ᠣᠶᠤᠨᠴᠢ ᠪᠠᠷ ᠬᠡᠷᠡᠭᠯᠡᠭᠡ᠂ ᠠᠮᠤᠷ ᠲᠦᠪᠰᠢᠨ ᠢᠶᠠᠷ ᠭᠤᠶᠣᠯᠠᠯ ᠤᠨ ᠡᠳ᠋ ᠢ ᠲᠠᠨᠢᠭᠤᠯᠬᠤ ᠬᠡᠷᠡᠭᠲᠡᠢ᠃ᠲᠤᠬᠠᠢ ᠶᠢᠨ ᠲᠠᠯᠠᠪᠤᠷ ᠲᠤ ᠪᠠᠰᠠ ᠵᠠᠰᠠᠯ ᠴᠢᠮᠡᠭ ᠤᠨ ᠡᠳ᠋ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠱᠠᠩᠨᠠᠯ ᠲᠠᠢ ᠥᠷᠢᠰᠦᠯᠳᠦᠨ ᠬᠠᠷᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠰᠤᠷᠤᠭᠴᠢᠳ ᠤᠨ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠦᠭᠡᠮᠡᠯᠵᠢᠯᠲᠡ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠠ᠃      ᠭᠤᠶᠣᠯᠠᠯ ᠤᠨ ᠡᠳ᠋ ᠤᠨ ᠠᠮᠤᠷ ᠲᠦᠪᠰᠢᠨ ᠤ ᠮᠡᠳᠡᠯᠭᠡ ᠶᠢ ᠭᠦᠨᠵᠡᠭᠡᠢ ᠤᠬᠠᠭᠤᠯᠵᠤ᠂ ᠨᠡᠶᠢᠭᠡᠮ ᠤᠨ ᠠᠩᠬᠠᠷᠤᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤ ᠥᠭᠴᠦ᠂ 5 · 25 ᠤ ︽ᠠᠷᠠᠰᠤ ᠬᠠᠶᠢᠷᠠᠯᠠᠬᠤ ᠡᠳᠦᠷ︾ ᠳᠤ ᠂ ᠡᠮᠴᠢᠯᠡᠭᠡᠨ ᠤ ᠭᠤᠶᠣᠯᠠᠯ ᠤᠨ ᠰᠠᠯᠠᠭᠠᠨ ᠤ ᠲᠤᠰᠬᠠᠢ ᠮᠡᠷᠭᠡᠵᠢᠯᠲᠡᠨ ᠢ ᠤᠷᠢᠵᠤ᠂ ᠡᠲᠡᠭᠡᠷ ᠣᠯᠠᠨ ᠤ ᠠᠩᠬᠠᠷᠴᠤ ᠪᠠᠶᠢᠭ᠎ᠠ ᠭᠤᠶᠣᠯᠠᠯ ᠤᠨ ᠡᠳ᠋ ᠤᠨ ᠮᠡᠳᠡᠯᠭᠡ᠂ ᠡᠮᠴᠢᠯᠡᠭᠡᠨ ᠤ ᠭᠤᠶᠣᠯᠠᠯ ᠤᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠭᠦᠨ᠎ᠡ᠃ ᠡᠭᠦᠨ ᠤ ᠬᠠᠮᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠸᠢᠳᠢᠤ᠋ ᠶᠢ ᠦᠢᠯᠡᠳᠴᠦ᠂ ᠲᠣᠪᠴᠢᠶ᠎ᠠ ᠶᠢᠨ ᠵᠢᠷᠭᠢᠶ᠎ᠡ ᠶᠢᠨ ᠤᠯᠠᠨ ᠨᠡᠶᠢᠲᠡ ᠶᠢᠨ ᠨᠣᠮᠧᠷ ᠲᠤ ᠲᠠᠯᠪᠢᠵᠤ᠂ ᠰᠤᠷᠭᠠᠭᠤᠯᠢ ᠶᠢᠨ ᠬᠦᠷᠢᠶ᠎ᠡ᠂ ᠬᠤᠳᠠᠯᠳᠤᠭᠠᠨ ᠤ ᠳᠡᠯᠭᠡᠭᠦᠷ᠂ ᠬᠤᠳᠠᠯᠳᠤᠭᠠᠨ ᠤ ᠡᠷᠦᠬᠡ ᠶᠢᠨ LED ᠳᠡᠯᠭᠡᠴᠡ ᠳᠤ ᠨᠠᠪᠲᠠᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ ᠵᠡᠷᠭᠡᠪᠡᠷ ᠬᠢᠵᠦ᠂ ᠤᠬᠠᠭᠤᠯᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ᠃      ᠢᠷᠡᠯᠲᠡ᠄ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1