ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 103 ᠳ᠋ᠤᠭᠠᠷ ᠤᠳᠠᠭ᠎ᠠ ᠶᠢᠨ ᠬᠤᠷᠠᠯ ᠵᠢᠴᠢ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠤᠨ ᠦᠢᠯᠡᠴᠢᠯᠡᠭᠡᠨ ᠤ ᠠᠵᠢᠯ ᠤᠨ ᠤᠳᠤᠷᠢᠳᠬᠤ ᠳᠤᠭᠤᠶᠢᠯᠠᠩ᠂ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ 2023 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/29
      5 ᠳ᠋ᠤᠭᠠᠷ ᠰᠠᠷ᠎ᠠ ᠶᠢᠨ 26  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 103 ᠳ᠋ᠤᠭᠠᠷ ᠤᠳᠠᠭ᠎ᠠ ᠶᠢᠨ ᠬᠤᠷᠠᠯ ᠵᠢᠴᠢ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠤᠨ ᠦᠢᠯᠡᠴᠢᠯᠡᠭᠡᠨ ᠤ ᠠᠵᠢᠯ ᠤᠨ ᠤᠳᠤᠷᠢᠳᠬᠤ ᠳᠤᠭᠤᠶᠢᠯᠠᠩ᠂ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ 2023 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠵᠠᠢ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠱᠠᠨᠰᠢ ᠶᠢᠨ ᠶᠦᠨ ᠴᠧᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠠᠲᠤᠨ ᠭᠤᠣᠯ ᠤᠨ ᠲᠠᠩ ᠭᠠᠵᠠᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠯᠦᠪᠵᠢᠭᠦᠯᠭᠡ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ᠂ ︽ᠲᠣᠭᠲᠠᠬᠤ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ 2023 ᠣᠨ ᠤ ᠠᠵᠢᠯ ᠤᠨ ᠭᠤᠣᠯᠳᠠᠯᠭ᠎ᠠ︾ ︽2023 ᠣᠨ ᠤ ᠪᠥᠬᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠵᠢᠴᠢ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ︾ ᠶᠢ ᠰᠤᠳᠤᠯᠤᠨ ᠶᠠᠷᠢᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ︽ᠬᠤᠶᠠᠷ ᠢ ᠲᠤᠭᠳᠠᠭᠠᠭᠰᠠᠨ︾ ᠢ ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ  ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠪᠣᠳᠠᠲᠠᠢ ᠳᠤ ᠰᠠᠭᠤᠷᠢᠯᠠᠨ ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠭᠤᠣᠯ ᠰᠢᠪᠲᠤᠯᠤᠯᠲᠠ ᠶᠢᠨ ᠴᠢᠭᠯᠡᠯ ᠢᠶᠠᠨ ᠲᠣᠳᠣᠷᠬᠠᠶᠢᠯᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠨ ᠪᠠᠶᠢᠭᠤᠯᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠶᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠬᠤᠷᠠᠯ ᠠᠴᠠ᠂ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠡᠮᠦᠨ᠎ᠡ ᠹᠷᠣᠨᠲ ᠲᠤ ᠵᠣᠭᠰᠣᠵᠤ᠂ ᠲᠤᠬᠠᠢ ᠶᠢᠨ ᠲᠠᠯᠠᠪᠠᠢ ᠳᠤ ᠠᠵᠢᠯᠯᠠᠵᠤ᠂ ᠲᠤᠬᠠᠢ ᠶᠢᠨ ᠲᠠᠯᠠᠪᠠᠢ ᠶᠢᠨ ᠵᠢᠯᠤᠭᠤᠳᠬᠤ ᠭᠠᠵᠠᠷ ᠭᠠᠷᠭᠠᠵᠤ᠂ ᠵᠢᠯᠤᠭᠤᠳᠬᠤ ᠪᠣᠷᠣ ᠲᠥᠯᠥᠪ ᠢ ᠪᠠᠶᠢᠭᠤᠯᠵᠤ᠂ ᠦᠨᠳᠦᠰᠦᠨ ᠪᠠᠶᠢᠳᠠᠯ ᠢ ᠤᠨᠢᠨ ᠳᠡᠭᠡᠷ᠎ᠡ ᠨᠢ ᠡᠵᠡᠮᠰᠢᠵᠦ᠂ ᠵᠢᠷᠤᠭ ᠡᠯᠭᠦᠨ ᠪᠠᠶᠢᠯᠳᠤᠵᠤ᠂ ᠡᠯ᠎ᠡ ᠵᠦᠢᠯ ᠤᠨ ᠠᠵᠢᠯ ᠢ ᠡᠷᠲᠡ ᠲᠣᠬᠢᠷᠠᠭᠤᠯᠵᠤ᠂ ᠡᠷᠲᠡ ᠬᠥᠳᠡᠯᠦᠯᠴᠡᠵᠦ᠂ ᠡᠷᠲᠡ ᠨᠠᠶᠢᠳᠠᠪᠤᠷᠢᠵᠢᠭᠤᠯᠬᠤ ᠬᠡᠷᠡᠭᠲᠡᠢ᠃ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠶᠠᠰᠤ ᠴᠢᠨᠠᠷ ᠪᠣᠯᠣᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠡᠯ᠎ᠡ ᠵᠠᠩᠭᠢᠯᠠᠭ᠎ᠠ ᠶᠢᠨ ᠠᠬᠢᠴᠠ ᠶᠢ ᠲᠦᠷᠭᠡᠳᠬᠡᠵᠦ᠂ ᠪᠤᠭᠤᠲᠤ ᠶᠢᠨ ᠬᠤᠯᠪᠣᠭᠠᠨ ᠤ ᠭᠢᠨᠵᠢ ᠶᠢᠨ ᠳᠡᠭᠡᠳᠦ ᠳᠣᠣᠷᠠᠳᠤ ᠤᠷᠤᠰᠬᠠᠯ᠂ ᠠᠵᠢᠯ ᠤᠨ ᠭᠢᠨᠵᠢ ᠶᠢᠨ ᠵᠡᠭᠦᠨ ᠪᠠᠷᠠᠭᠤᠨ ᠲᠠᠯ᠎ᠠ ᠶᠢ ᠴᠢᠩᠭ᠎ᠠ ᠠᠵᠢᠭᠯᠠᠵᠤ᠂ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠦᠷᠢᠯᠳᠦᠭᠦᠯᠵᠦ᠂ ᠡᠯ᠎ᠡ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠶᠡᠬᠡᠪᠡᠷ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠬᠦᠴᠦᠷᠬᠡᠭ ᠲᠥᠪ︾ ᠤᠨ ᠢᠨᠵᠧᠨᠧᠷᠢᠩ ᠢ ᠭᠦᠨᠵᠡᠭᠡᠢ ᠨᠠᠶᠢᠳᠠᠪᠤᠷᠢᠵᠢᠭᠤᠯᠤᠨ᠂ ︽ᠲᠠᠪᠤᠨ ᠴᠢᠳᠠᠪᠤᠷᠢ ᠶᠢᠨ ᠲᠠᠰ︾ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠶᠠᠨ ᠤ ᠨᠠᠮ ᠤᠨ ᠬᠤᠷᠢᠶ᠎ᠠ ᠶᠢᠨ ︽ᠲᠠᠪᠤᠨ ᠶᠡᠭᠡ ᠭᠠᠷᠳᠠᠴᠠ︾ ᠶᠢ ᠪᠥᠬᠦ ᠬᠦᠴᠦᠨ ᠢᠶᠠᠷ ᠠᠬᠢᠭᠤᠯᠤᠨ᠂ ︽ᠠᠷᠪᠠᠨ ᠶᠡᠭᠡ ᠭᠤᠣᠯᠳᠠᠯᠭ᠎ᠠ ᠲᠠᠢ ᠲᠥᠷᠥᠯ ᠵᠦᠢᠯ︾ ᠤᠨ ᠡᠯ᠎ᠡ ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠨ᠎ᠠ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1