ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠰᠠᠶᠢᠨ ᠰᠠᠶᠢᠬᠠᠨ ᠠᠮᠢᠳᠤᠷᠠᠯ · ᠢᠷᠭᠡᠨ ᠤ ᠬᠠᠤᠯᠢ ᠶᠢᠨ ᠪᠢᠴᠢᠭ ᠢ ᠬᠠᠮᠲᠤ ᠳᠤᠨᠢ ᠬᠡᠷᠡᠭᠯᠡᠶ᠎ᠡ︾ ᠭᠤᠣᠯ ᠰᠡᠳᠦᠪᠲᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/29
      5 ᠰᠠᠷ᠎ᠠ ᠶᠢᠨ 28 ᠤ ᠡᠳᠦᠷ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠨᠡᠶᠢᠲᠡᠯᠡᠭᠳᠡᠭᠰᠡᠨ ᠭᠤᠷᠪᠠᠨ ᠵᠢᠯ ᠤᠨ ᠣᠶ ᠶᠢᠨ ᠳᠤᠷᠠᠰᠬᠠᠯ ᠤᠨ ᠡᠳᠦᠷ ᠪᠣᠯᠣᠨ᠎ᠠ᠂ ᠡᠨᠡ ᠵᠢᠯ ᠤᠨ 5 ᠳ᠋ᠤᠭᠠᠷ ᠰᠠᠷ᠎ᠠ ᠪᠣᠯ ᠭᠤᠷᠪᠠᠳᠤᠭᠠᠷ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠪᠣᠯᠣᠨ᠎ᠠ᠃ 23 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠵᠤ ᠸᠠᠨ ᠰᠢᠩ ᠲᠠᠯᠠᠪᠠᠶ ᠳᠤ ᠬᠦᠷᠴᠦ ︽ᠰᠠᠶᠢᠨ ᠰᠠᠶᠢᠬᠠᠨ ᠠᠮᠢᠳᠤᠷᠠᠯ · ᠢᠷᠭᠡᠨ ᠤ ᠬᠠᠤᠯᠢ ᠶᠢᠨ ᠪᠢᠴᠢᠭ ᠢ ᠬᠠᠮᠲᠤ ᠳᠤᠨᠢ ᠬᠡᠷᠡᠭᠯᠡᠶ᠎ᠡ︾ ᠭᠤᠣᠯ ᠰᠡᠳᠦᠪᠲᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠺᠠᠳ᠋ᠷ ᠴᠠᠭᠳᠠᠭ᠎ᠠ ᠨᠠᠷ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠣᠯᠠᠨ ᠲᠦᠮᠡᠨ ᠳᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ᠂ ᠸᠢᠴᠠᠲ ᠤᠨ ᠣᠯᠠᠨ ᠨᠡᠶᠢᠲᠡ ᠶᠢᠨ ᠨᠣᠮᠧᠷ ᠢ ᠳᠡᠯᠭᠡᠷᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠩᠭᠡᠷᠡᠭᠰᠡᠨ ᠤ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠵᠤ᠂ ᠢᠷᠭᠡᠨ ᠤ ᠬᠠᠤᠯᠢ ᠶᠢᠨ ᠪᠢᠴᠢᠭ ᠤᠨ ᠠᠭᠤᠯᠭ᠎ᠠ ᠶᠢ ᠲᠠᠶᠢᠯᠪᠤᠷᠢᠯᠠᠵᠤ᠂ ᠡᠭᠦᠨ ᠢᠶᠠᠷ ᠳᠠᠮᠵᠢᠭᠤᠯᠤᠨ ᠥᠷᠭᠡᠨ ᠤᠯᠠᠨ ᠠᠷᠠᠳ ᠲᠦᠮᠡᠨ ᠤ ᠢᠷᠭᠡᠨ ᠤ ᠬᠠᠤᠯᠢ ᠶᠢᠨ ᠪᠢᠴᠢᠭ ᠤᠨ ᠬᠤᠯᠪᠣᠭᠳᠠᠯ ᠪᠦᠬᠦᠢ ᠠᠭᠤᠯᠭ᠎ᠠ ᠶᠢ ᠣᠶᠢᠯᠠᠭᠠᠬᠤ ᠨᠤᠷᠮ᠎ᠠ ᠶᠢ ᠨᠡᠮᠡᠭᠳᠡᠭᠦᠯᠵᠦ᠂ ᠢᠷᠭᠡᠨ ᠤ ᠬᠠᠤᠯᠢ ᠶᠢᠨ ᠪᠢᠴᠢᠭ ᠤᠨ ᠴᠢᠬᠤᠯᠠ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠣᠶᠢᠯᠠᠭᠠᠨ ᠡᠵᠡᠮᠰᠢᠵᠦ᠂ ᠲᠤᠰ ᠪᠡᠶ᠎ᠡ ᠶᠢᠨ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠴᠠᠭᠠᠵᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠪᠣᠯᠭᠠᠨ᠎ᠠ᠃
     ᠨᠢᠭᠡ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠪᠡᠯ ᠬᠠᠷᠢᠭᠤᠴᠠᠯᠭ᠎ᠠ ᠠᠴᠠ ᠬᠡᠯᠲᠦᠷᠢᠭᠦᠯᠦᠨ᠎ᠡ      ︽ᠢᠷᠭᠡᠨ ᠤ ᠬᠠᠤᠯᠢ ᠶᠢᠨ ᠪᠢᠴᠢᠭ︾ ᠤᠨ 183 ᠳ᠋ᠤᠭᠠᠷ ᠵᠦᠢᠯ ᠳᠤ᠄ ᠪᠤᠰᠤᠳ ᠤᠨ ᠢᠷᠭᠡᠨ ᠤ ᠬᠡᠷᠡᠭ ᠤᠨ ᠡᠷᠬᠡ ᠠᠰᠢᠭ ᠢ ᠬᠠᠮᠠᠭᠠᠯᠠᠭᠰᠠᠨ ᠠᠴᠠ ᠪᠣᠯᠵᠤ ᠥᠪᠡᠷ ᠤᠨ ᠪᠡᠶ᠎ᠡ ᠳᠡᠭᠡᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠬᠡ ᠳᠤ ᠬᠠᠯᠳᠠᠭᠰᠠᠨ ᠬᠥᠮᠥᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠨ᠎ᠡ᠂ ᠠᠰᠢᠭ ᠬᠦᠷᠳᠡᠭᠴᠢ ᠨᠢ ᠵᠣᠬᠢᠬᠤ ᠲᠥᠯᠥᠪᠦᠷᠢ ᠥᠭᠴᠦ ᠪᠣᠯᠣᠨ᠎ᠠ ᠭᠡᠵᠦ ᠲᠣᠭᠲᠠᠭᠠᠵᠠᠢ᠃ ᠡᠷᠬᠡ ᠳᠤ ᠬᠠᠯᠳᠠᠭᠰᠠᠨ ᠬᠥᠮᠥᠨ ᠦᠭᠡᠢ᠂ ᠡᠷᠬᠡ ᠳᠤ ᠬᠠᠯᠳᠠᠭᠰᠠᠨ ᠬᠥᠮᠥᠨ ᠳᠤᠲᠠᠭᠠᠭᠰᠠᠨ ᠦᠭᠡᠢ ᠪᠤᠶᠤ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠬᠦ ᠴᠢᠳᠠᠯ ᠦᠭᠡᠢ ᠪᠠᠶᠢᠵᠤ᠂ ᠬᠤᠬᠢᠷᠠᠯ ᠠᠮᠰᠠᠭᠴᠢ ᠨᠢ ᠲᠥᠯᠥᠪᠦᠷᠢ ᠠᠪᠬᠤ ᠪᠠᠷ ᠭᠤᠶᠤᠴᠢᠯᠠᠭᠰᠠᠨ ᠪᠠᠶᠢᠪᠠᠯ᠂ ᠠᠰᠢᠭ ᠬᠦᠷᠳᠡᠭᠴᠢ ᠨᠢ ᠵᠣᠬᠢᠰᠲᠠᠢ ᠲᠥᠯᠥᠪᠦᠷᠢ ᠥᠭᠬᠦ ᠬᠡᠷᠡᠭᠲᠡᠢ᠃      ᠬᠤᠶᠠᠷ᠂ ᠵᠢᠵᠢᠭ ᠲᠣᠭᠤᠷᠢᠭ ᠤᠨ ᠬᠠᠮᠲᠤ ᠶᠢᠨ ᠭᠠᠵᠠᠷ ᠲᠠᠯᠠᠪᠤᠷ ᠤᠨ ᠣᠷᠣᠯᠭ᠎ᠠ ᠶᠢ ᠥᠮᠴᠢᠲᠡᠨ ᠳᠤ ᠬᠠᠷᠢᠶᠠᠯᠠᠭᠳᠠᠨ᠎ᠠ᠃      ︽ᠢᠷᠭᠡᠨ ᠤ ᠬᠠᠤᠯᠢ ᠶᠢᠨ ᠪᠢᠴᠢᠭ︾ ᠤᠨ 282 ᠳ᠋ᠤᠭᠠᠷ ᠵᠦᠢᠯ ᠳᠤ᠄ ᠪᠦᠲᠦᠭᠡᠨ ᠪᠠᠶᠢᠭᠤᠯᠤᠯᠲᠠ ᠶᠢᠨ ᠨᠢᠭᠡᠴᠢ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠪᠤᠶᠤ ᠪᠤᠰᠤᠳ ᠬᠠᠮᠢᠶᠠᠷᠤᠭᠴᠢ ᠵᠡᠷᠭᠡ ᠶᠢᠨ ᠥᠮᠴᠢᠲᠡᠨ ᠤ ᠬᠠᠮᠲᠤ ᠶᠢᠨ ᠬᠡᠰᠡᠭ ᠢ ᠠᠰᠢᠭᠯᠠᠨ ᠣᠯᠣᠭᠰᠠᠨ ᠣᠷᠣᠯᠭ᠎ᠠ ᠨᠢ ᠵᠦᠢ ᠵᠣᠬᠢᠰᠲᠠᠢ ᠥᠪᠡᠷ ᠤᠨ ᠦᠷᠳᠡᠭ ᠢ ᠬᠠᠰᠤᠭᠰᠠᠨ ᠤ ᠲᠠᠷᠠᠭ᠎ᠠ ᠥᠮᠴᠢᠲᠡᠨ ᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ ᠭᠡᠵᠦ ᠲᠣᠭᠲᠠᠭᠠᠵᠠᠢ᠃      ᠪᠠᠭ᠎ᠠ ᠲᠣᠭᠤᠷᠢᠭ ᠤᠨ ᠨᠡᠶᠢᠲᠡ ᠶᠢᠨ ᠠᠰᠢᠭ ᠣᠷᠣᠯᠭ᠎ᠠ      1᠂ ᠣᠯᠠᠨ ᠨᠡᠶᠢᠲᠡ ᠶᠢᠨ ᠲᠣᠭᠤᠷᠢᠭ ᠤᠨ ᠵᠠᠷ ᠤᠨ ᠠᠰᠢᠭ ᠣᠷᠣᠯᠭ᠎ᠠ ︵ᠵᠢᠱᠢᠶᠡᠯᠡᠪᠡᠯ ᠴᠠᠬᠢᠯᠭᠠᠨ ᠱᠠᠲᠤ  ᠶᠢᠨ ᠵᠠᠷ᠂ ᠭᠡᠷ ᠤᠨ ᠭᠠᠳᠠᠨᠠᠬᠢ ᠵᠠᠷ︶      2᠂ ᠣᠯᠠᠨ ᠨᠡᠶᠢᠲᠡ   ᠶᠢᠨ ᠲᠣᠭᠤᠷᠢᠭ ᠤᠨ ᠲᠡᠷᠭᠡ ᠵᠣᠭᠰᠣᠬᠤ ᠪᠠᠶᠢᠷᠢ ᠶᠢᠨ ᠠᠰᠢᠭ ᠣᠷᠣᠯᠭ᠎ᠠ      3᠂ ᠣᠯᠠᠨ ᠨᠡᠶᠢᠲᠡ   ᠶᠢᠨ ᠲᠣᠭᠤᠷᠢᠭ ᠲᠤ ᠲᠦᠷᠢᠶᠡᠰᠦᠯᠡᠭᠰᠡᠨ ᠳᠡᠯᠭᠡᠭᠦᠷ ᠤᠨ ᠪᠠᠶᠢᠷᠢ   ᠶᠢᠨ ᠠᠰᠢᠭ ᠣᠷᠣᠯᠭ᠎ᠠ       4᠂ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠢᠵᠢ ᠪᠦᠷᠢᠳᠦᠭᠦᠯᠬᠦ᠄ ᠠᠵᠢᠯᠯᠠᠭᠠᠨ ᠤ ᠲᠠᠯᠠᠪᠤᠷ᠂ ᠪᠠᠭᠤᠳᠠᠯ᠂ ᠤᠮᠪᠠᠯᠲᠠ ᠶᠢᠨ ᠲᠠᠲᠠᠭᠠᠯ ᠤᠨ ᠡᠵᠡᠩᠨᠡᠯᠲᠡ   ᠶᠢᠨ ᠣᠷᠣᠯᠭ᠎ᠠ      5᠂ ᠴᠢᠮᠡᠭᠡ ᠬᠤᠯᠪᠣᠭᠠᠨ ᠤ ᠡᠵᠡᠩᠨᠡᠯᠲᠡ   ᠶᠢᠨ ᠬᠠᠮᠢᠶᠠᠷᠤᠯᠲᠠ ᠶᠢᠨ ᠵᠠᠷᠤᠳᠠᠯ      6᠂ ᠵᠢᠵᠢᠭ ᠲᠣᠭᠤᠷᠢᠭ ᠤᠨ ᠣᠯᠠᠨ ᠨᠡᠶᠢᠲᠡ   ᠶᠢᠨ ᠲᠥᠬᠦᠭᠡᠷᠦᠮᠵᠢ ᠶᠢ ᠡᠪᠳᠡᠭᠰᠡᠨ ᠲᠥᠯᠥᠪᠦᠷᠢ      7᠂ ᠤᠰᠤ ᠬᠤᠳᠠᠯᠳᠤᠬᠤ ᠮᠠᠰᠢᠨ ᠤ ᠡᠵᠡᠩᠨᠡᠯᠲᠡ ᠶᠢᠨ ᠵᠠᠷᠤᠳᠠᠯ      8᠂ ᠬᠠᠮᠢᠶᠠᠷᠤᠯᠲᠠ ᠳᠤ ᠬᠡᠷᠡᠭᠯᠡᠬᠦ ᠭᠡᠷ ᠤᠨ ᠠᠰᠢᠭ ᠣᠷᠣᠯᠭ᠎ᠠ ᠵᠡᠷᠭᠡ᠃      ᠭᠤᠷᠪᠠ᠂ ᠡᠷ᠎ᠡ ᠡᠮ᠎ᠡ ᠶᠢᠨ ᠬᠠᠮᠲᠤ ᠶᠢᠨ ᠥᠭᠴᠡᠭᠡ ᠶᠢ ᠵᠠᠭᠠᠭᠯᠠᠨ ᠲᠣᠭᠲᠠᠭᠠᠨ᠎ᠠ      ᠵᠠᠭᠤ ᠵᠢᠷᠠᠨ ᠳᠥᠷᠪᠡᠳᠦᠭᠡᠷ ᠵᠦᠢᠯ ᠡᠷ᠎ᠡ ᠡᠮ᠎ᠡ ᠬᠤᠶᠠᠷ ᠡᠲᠡᠭᠡᠳ ᠢᠶᠠᠷ ᠢᠶᠠᠨ ᠬᠠᠮᠲᠤ ᠪᠠᠷ ᠭᠠᠷ ᠤᠨ ᠦᠰᠦᠭ ᠵᠢᠷᠤᠭᠰᠠᠨ ᠪᠤᠶᠤ ᠡᠷ᠎ᠡ ᠡᠮ᠎ᠡ ᠬᠤᠶᠠᠷ ᠤᠨ ᠨᠢᠭᠡ ᠡᠲᠡᠭᠡᠳ ᠨᠢ ᠬᠡᠷᠡᠭ ᠤᠨ ᠳᠠᠷᠠᠭ᠎ᠠ ᠨᠡᠬᠡᠮᠵᠢᠯᠡᠨ ᠵᠥᠪᠰᠢᠶᠡᠷᠡᠭᠰᠡᠨ ᠵᠡᠷᠭᠡ ᠬᠠᠮᠲᠤ ᠶᠢᠨ ᠰᠠᠨᠠᠭᠠᠨ ᠤ ᠢᠯᠡᠳᠬᠡᠯᠲᠡ ᠳᠤ ᠥᠷᠢᠲᠦᠭᠰᠡᠨ ᠥᠭᠴᠡᠭᠡ ᠵᠢᠴᠢ ᠡᠷ᠎ᠡ ᠡᠮ᠎ᠡ ᠬᠤᠶᠠᠷ ᠤᠨ ᠨᠢᠭᠡ ᠡᠲᠡᠭᠡᠳ ᠤᠨ ᠤᠷᠤᠭ ᠤᠨ ᠬᠠᠷᠢᠴᠠᠭ᠎ᠠ ᠦᠷᠭᠦᠯᠵᠢᠯᠡᠵᠦ ᠪᠠᠶᠢᠭᠰᠠᠨ ᠬᠤᠭᠤᠴᠠᠭᠠᠨ ᠳᠤ ᠬᠤᠪᠢ ᠬᠥᠮᠥᠨ ᠤ ᠨᠡᠷ᠎ᠡ ᠪᠠᠷ ᠭᠡᠷ ᠪᠦᠯᠢ ᠶᠢᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠪᠠᠨ ᠬᠠᠩᠭᠠᠭᠠᠳ ᠥᠷᠢᠲᠦᠭᠰᠡᠨ ᠥᠭᠴᠡᠭᠡ ᠨᠢ ᠡᠷ᠎ᠡ ᠡᠮ᠎ᠡ ᠬᠤᠶᠠᠷ ᠤᠨ ᠬᠠᠮᠲᠤ ᠶᠢᠨ ᠥᠭᠴᠡᠭᠡ ᠳᠤ ᠲᠣᠭᠠᠴᠠᠭᠳᠠᠨ᠎ᠠ᠃
     ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠢᠷᠭᠡᠨ ᠤ ᠬᠠᠤᠯᠢ ᠶᠢᠨ ᠪᠢᠴᠢᠭ ᠤᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠢᠷᠭᠡᠨ ᠤ ᠬᠠᠤᠯᠢ ᠶᠢᠨ ᠪᠢᠴᠢᠭ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠷᠭᠦᠯᠵᠢᠯᠡᠨ ᠭᠦᠨᠵᠡᠭᠡᠢ ᠤᠬᠠᠭᠤᠯᠵᠤ᠂ ᠢᠷᠭᠡᠨ ᠤ ᠬᠠᠤᠯᠢ ᠶᠢᠨ ᠪᠢᠴᠢᠭ ᠢ ᠦᠨᠡᠨᠬᠦ ᠤᠯᠠᠨ ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠠᠮᠤᠷ ᠠᠮᠤᠭᠤᠯᠠᠩ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠲᠣᠭᠲᠠᠬᠤ ᠶᠢ ᠪᠠᠶᠢᠭᠤᠯᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1