ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/29
      5 ᠳ᠋ᠤᠭᠠᠷ ᠰᠠᠷ᠎ᠠ ᠶᠢᠨ 26  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠪᠣᠯᠣᠨ ᠵᠣᠬᠢᠶᠠᠯ ᠪᠦᠲᠦᠭᠡᠯ ᠤᠨ ᠰᠣᠩᠭᠤᠮᠠᠯ ᠢ ᠭᠦᠨᠵᠡᠭᠡᠢ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ︽ᠲᠤᠭ᠎ᠠ ᠪᠦᠷᠢᠳᠬᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠢ ᠰᠤᠷᠤᠯᠴᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠪᠠᠲᠤ ᠡᠵᠡᠮᠳᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠭ ᠵᠣᠬᠢᠶᠠᠯ ᠢ ᠨᠠᠷᠢᠨ ᠬᠢᠨᠠᠮᠠᠭᠠᠢ ᠤᠩᠰᠢᠵᠤ᠂ ᠤᠭ ᠵᠣᠬᠢᠶᠠᠯ  ᠢ ᠨᠢ ᠰᠤᠷᠤᠯᠴᠠᠵᠤ᠂ ᠤᠭ ᠶᠣᠰᠣ  ᠶᠢ ᠨᠢ ᠣᠶᠢᠯᠠᠭᠠᠵᠤ᠂ ᠭᠦᠨᠵᠡᠭᠡᠢ ᠰᠤᠷᠤᠯᠴᠠᠵᠤ ᠭᠦᠨᠵᠡᠭᠡᠢ ᠣᠶᠢᠯᠠᠭᠠᠵᠤ᠂ ᠪᠠᠶᠢᠩᠭᠤ ᠰᠤᠷᠤᠯᠴᠠᠵᠤ ᠪᠠᠶᠢᠩᠭᠤ ᠰᠢᠨ᠎ᠡ ᠶᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠤᠨᠤᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠ ᠠᠵᠢᠯ ᠤᠨ ᠪᠣᠳᠠᠲᠠᠢ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠪᠠᠶᠢᠴᠠᠭᠠᠨ ᠰᠤᠳᠤᠯᠬᠤ ᠠᠵᠢᠯ ᠢ ᠠᠬᠢᠭᠤᠯᠤᠨ᠎ᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠵᠥᠪ ᠬᠥᠭᠵᠢᠯᠲᠡ ᠶᠢᠨ ᠦᠵᠡᠯᠲᠡ ᠪᠣᠯᠣᠨ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠬᠠᠤᠯᠢ ᠶᠣᠰᠣᠭᠠᠷ ᠪᠦᠷᠢᠳᠬᠡᠵᠦ᠂ ᠲᠤᠭ᠎ᠠ ᠪᠦᠷᠢᠳᠬᠡᠯ ᠤᠨ ᠠᠵᠢᠯ ᠤᠨ ᠪᠠᠷᠢᠮᠵᠢᠶᠠᠵᠢᠯᠲᠠ᠂ ᠵᠢᠷᠦᠮᠵᠢᠯᠲᠡ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠭᠦᠷᠭᠡ ᠴᠢᠳᠠᠪᠬᠢ ᠶᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1