ᠰᠢᠨᠳᠠᠷᠠᠰᠢ ᠦᠭᠡᠢ ᠴᠢᠷᠮᠠᠶᠢᠨ᠎ᠠ ︱ ᠦᠵᠡᠯ ᠰᠠᠨᠠᠭ᠎ᠠ ᠶᠢ ᠰᠤᠷᠤᠯᠴᠠᠵᠤ ᠠᠵᠢᠯᠠᠭᠠᠨ ᠤ ᠰᠢᠷᠢᠰ ᠶᠠᠷᠢᠶ᠎ᠠ 
ᠨᠡᠶᠢᠲᠡᠯᠡᠭᠰᠡᠨ ᠴᠠᠭ᠄
2023/5/29
                    ᠵᠢᠢ ᠬᠠᠢ ᠶᠠᠩ       ᠪᠠᠶᠢᠴᠠᠭᠠᠯᠳᠠ ᠦᠭᠡᠢ ᠪᠣᠯ ᠶᠠᠷᠢᠶ᠎ᠠ ᠲᠠᠯᠪᠢᠬᠤ ᠡᠷᠬᠡ ᠦᠭᠡᠢ᠂ ᠪᠠᠶᠢᠴᠠᠭᠠᠯᠳᠠ ᠦᠭᠡᠢ ᠪᠣᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠦᠭᠡᠢ᠃ ᠪᠠᠶᠢᠴᠠᠭᠠᠨ ᠰᠤᠳᠤᠯᠤᠯᠲᠠ ᠪᠣᠯ ᠡᠨᠡ ᠤᠳᠠᠭᠠᠨ ᠤ ᠭᠤᠤᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠪᠣᠯᠤᠨ᠎ᠠ᠃ ᠡᠨᠡ ᠬᠦ ᠠᠵᠢᠯ ᠢ ᠰᠠᠶᠢᠨ ᠡᠰᠡᠬᠦ᠂ ᠭᠦᠨᠵᠡᠭᠡᠶ ᠡᠰᠡᠬᠦ᠂ ᠪᠣᠳᠠᠲᠠᠶ ᠡᠰᠡᠬᠦ ᠨᠢ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠣᠯᠵᠤ ᠴᠢᠳᠠᠬᠤ ᠡᠰᠡᠬᠦ ᠲᠠᠢ ᠬᠤᠯᠪᠣᠭᠳᠠᠨ᠎ᠠ᠃      ᠣᠳᠣᠬᠠᠨ ᠳᠤ᠂ ᠮᠠᠨ ᠤ ᠤᠷᠤᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠦᠨᠳᠦᠰᠦᠨ ᠱᠠᠲᠤᠨ ᠳᠤ ᠬᠦᠷᠴᠦ᠂ ᠪᠣᠳᠠᠲᠤ ᠠᠵᠢᠯᠯᠠᠭ᠎ᠠ ᠪᠠᠷ ᠢᠶᠠᠨ ᠪᠠᠶᠢᠴᠠᠭᠠᠨ ᠰᠤᠳᠤᠯᠤᠯᠲᠠ ᠬᠢᠬᠦ ᠪᠠ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢ ᠨᠢᠭᠲᠠ ᠤᠶᠠᠯᠳᠤᠭᠤᠯᠵᠠᠢ᠃ ᠭᠡᠪᠡᠴᠦ ᠦᠢᠯᠡᠳᠦᠯᠭᠡ ᠶᠢᠨ ᠶᠠᠪᠤᠴᠠ ᠳᠤ᠂ ᠵᠠᠷᠢᠮ ᠰᠠᠯᠠᠭ᠎ᠠ ᠮᠥᠴᠢᠷ ᠪᠠ ᠨᠢᠭᠡᠴᠢ ᠨᠦᠭᠦᠳ ︽ᠠᠯᠪᠠ ᠶᠢᠨ ᠳᠡᠳᠦᠢ︾᠂ ︽ᠤᠪ ᠦᠵᠡᠭᠦᠯᠬᠦ︾᠂ ︽ᠵᠣᠷ ᠬᠠᠭᠤᠯᠬᠤ︾ ᠠᠰᠠᠭᠤᠳᠠᠯ ᠨᠡᠯᠢᠶᠡᠳ ᠲᠤᠪᠤᠶᠢᠮ᠎ᠠ ᠪᠠᠶᠢᠵᠤ᠂ ︽ᠮᠠᠶᠠᠭ ᠭᠠᠷᠭᠠᠬᠤ︾᠂ ︽ᠦᠵᠡᠮᠦᠷᠢ ᠮᠠᠶᠠᠭ︾᠂ ︽ᠬᠡᠪᠰᠢᠮᠡᠯ ᠮᠠᠶᠠᠭ︾᠂ ︽ᠣᠷᠣᠯᠠᠬᠤ ᠮᠠᠶᠠᠭ︾ ᠤᠨ ᠪᠠᠶᠢᠴᠠᠭᠠᠨ ᠰᠤᠳᠤᠯᠤᠯᠲᠠ ᠬᠢᠵᠦ ᠪᠠᠶᠢᠨ᠎ᠠ᠃ ᠡᠲᠡᠭᠡᠷ ᠬᠡᠯᠪᠡᠷᠢ ᠨᠢ ᠬᠤᠪᠢᠷᠠᠵᠦ ᠮᠠᠶᠠᠭᠯᠠᠵᠤ ᠶᠠᠪᠤᠬᠤ ᠨᠢ᠂ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠣᠯᠵᠤ᠂ ᠦᠨᠡᠨ ᠪᠣᠳᠠᠲᠠᠶ ᠪᠠᠶᠢᠳᠠᠯ ᠢ ᠡᠵᠡᠮᠰᠢᠵᠦ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠶᠢ ᠠᠬᠢᠭᠤᠯᠵᠤ ᠴᠢᠳᠠᠬᠤ ᠥᠬᠡᠶ ᠪᠠᠷ ᠪᠠᠷᠠᠬᠤ ᠦᠭᠡᠢ᠂ ᠬᠠᠷᠢᠨ ᠣᠭ ᠰᠠᠨᠠᠭ᠎ᠠ ᠠᠴᠠ ᠪᠠᠨ ᠵᠥᠷᠢᠴᠡᠵᠦ᠂ ᠦᠨᠳᠦᠰᠦᠨ ᠱᠠᠲᠤᠨ ᠳᠤ ᠲᠦᠢᠯ ᠤᠨ ᠶᠡᠭᠡ ᠳᠠᠷᠤᠭᠠᠰᠤ ᠶᠢ ᠨᠡᠮᠡᠭᠳᠡᠭᠦᠯᠦᠭᠰᠡᠨ ᠪᠠᠶᠢᠨ᠎ᠠ᠃      ᠪᠠᠶᠢᠴᠠᠭᠠᠨ ᠰᠤᠳᠤᠯᠤᠯᠲᠠ ᠶᠢ ᠶᠡᠭᠡ ᠪᠠᠷ ᠦᠷᠨᠢᠭᠦᠯᠬᠦ ᠳᠤ ᠰᠤᠷᠲᠠᠯ ᠢ ᠪᠠᠳᠠᠷᠠᠭᠤᠯᠬᠤ ᠮᠦᠷᠳᠡᠭᠡᠨ ᠰᠤᠷᠲᠠᠯ ᠳᠤ ᠳᠦᠰᠢᠭᠯᠡᠨ᠎ᠡ᠃ ᠬᠢᠪᠡᠯ ᠦᠨᠡᠨ ᠬᠦ ᠲᠥᠪ ᠭᠤᠣᠯᠴᠢ ᠪᠠᠷ ᠬᠢᠵᠦ᠂ ᠰᠠᠶᠢᠨ ᠰᠤᠷᠲᠠᠯ ᠢᠶᠠᠷ ᠤᠯᠠᠨ ᠲᠦᠮᠡᠨ᠂ ᠦᠨᠳᠦᠰᠦᠨ ᠱᠠᠲᠤᠨ ᠳᠤ ᠶᠠᠪᠤᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ᠬᠥᠮᠥᠰ ᠶᠡᠷᠦᠳᠡᠭᠡᠨ᠄ ︽ᠠᠯᠢᠮ᠎ᠠ ᠢᠳᠡᠬᠦ ᠦᠭᠡᠢ ᠪᠠᠷ‌ᠠᠯᠢᠮ᠎ᠠ ᠶᠢᠨ ᠠᠮᠲᠠ ᠶᠢ ᠶᠠᠭᠠᠬᠢᠵᠤ ᠮᠡᠳᠡᠬᠦ ᠪᠤᠢ︖︾ ᠭᠡᠳᠡᠭ᠃ ᠪᠠᠶᠢᠴᠠᠭᠠᠨ ᠰᠤᠳᠤᠯᠤᠯᠲᠠ ᠪᠠᠰᠠ ᠡᠶᠢᠮᠦ᠃ ᠮᠤᠷᠢᠨ ᠳᠠᠪᠬᠢᠷᠠᠭ᠎ᠠ ᠪᠠᠷ ᠴᠡᠴᠡᠭ ᠰᠤᠨᠢᠷᠬᠠᠵᠤ᠂ ᠦᠩᠭᠡᠨ ᠳᠡᠭᠡᠭᠦᠷ ᠨᠢ ᠬᠦᠪᠴᠤ᠂ ᠦᠨᠡᠨ ᠪᠤᠳᠠᠳᠠᠢ ᠳᠤ ᠭᠦᠨᠵᠡᠭᠡᠶᠢᠷᠡᠬᠦ᠂ ᠳᠠᠮ ᠰᠤᠨᠤᠰᠬᠠᠯ ᠳᠤ ᠲᠦᠰᠢᠭᠯᠡᠬᠦ ᠶᠤᠮ ᠪᠤᠯ ᠠᠰᠠᠭᠤᠳᠠᠯ ᠢ  ᠢᠯᠡᠷᠡᠭᠦᠯᠵᠤ ᠳᠡᠶᠢᠯᠬᠦ ᠦᠭᠡᠢ᠂ ᠵᠥᠪᠬᠡᠨ ︽ᠲᠦᠷᠪᠡᠨ ᠦᠬᠡᠢ ᠬᠤᠶᠠᠷ ᠰᠢᠭᠤᠳ︾ ᠵᠡᠷᠭᠡ ᠠᠷᠭ᠎ᠠ ᠬᠡᠯᠪᠡᠷᠢ ᠶᠢ ᠠᠪᠴᠤ᠂  ᠦᠨᠡᠨ ᠬᠦ ᠪᠡᠶ᠎ᠡ ᠪᠠᠷ ᠢᠶᠠᠨ ᠤᠯᠠᠨ ᠲᠦᠮᠡᠨ ᠤ ᠳᠤᠮᠳᠠ ᠭᠦᠨᠵᠡᠭᠡᠶᠢᠷᠡᠵᠤ᠂ ᠯᠠᠪᠳᠠᠭᠤᠨ ᠲᠣᠭᠲᠠᠭᠤᠨ᠂ ᠠᠷᠠᠳ ᠤᠨ ᠲᠤᠮᠳᠠ ᠭᠦᠨᠵᠡᠭᠡᠶᠢᠷᠡᠪᠡᠯ ᠰᠠᠶ᠋ᠢ ᠵᠢᠩᠬᠢᠨᠢ ᠰᠡᠳᠬᠢᠯ ᠤᠨ ᠦᠭᠡ᠂ ᠪᠤᠬᠢᠨᠢᠳᠤᠵᠤ ᠪᠠᠶᠢᠭ᠎ᠠ ᠶᠠᠪᠤᠳᠠᠯ᠂ ᠰᠠᠶᠢᠨ ᠰᠠᠨᠠᠭᠤᠯᠭ᠎ᠠ ᠶᠢ ᠣᠯᠵᠤ ᠰᠣᠨᠣᠰᠴᠤ ᠴᠢᠳᠠᠨ᠎ᠠ᠃  ᠭᠠᠭᠴᠠ ᠬᠦ ︽ᠰᠡᠳᠬᠢᠯ︾ ᠨᠢ ᠦᠨᠳᠦᠰᠦᠨ ᠱᠠᠲᠤᠨ ᠳᠤ ᠬᠦᠷᠴᠦ᠂ ᠬᠦᠴᠢᠷ ᠪᠡᠷᠬᠡᠰᠢᠶᠡᠯ ᠤᠯᠠᠨ ᠭᠠᠵᠠᠷ ᠢᠶᠠᠷ ᠶᠠᠪᠤᠵᠤ᠂ ᠥᠷᠢᠰᠥᠯᠳᠦᠭᠡᠨ ᠤ ᠶᠡᠭᠡ ᠴᠢᠭᠯᠡᠯ ᠢᠶᠠᠷ ᠤᠷᠤᠭᠰᠢᠯᠠᠵᠤ᠂ ᠪᠠᠭ᠎ᠠ ᠠᠴᠠ ᠶᠡᠭᠡ ᠶᠢ ᠣᠯᠵᠤ ᠬᠠᠷᠠᠬᠤ᠂ ᠭᠦᠢᠬᠡᠨ ᠠᠴᠠ ᠭᠦᠨᠵᠡᠭᠡᠶᠢᠷᠡᠬᠦ᠂ ᠦᠨᠳᠦᠰᠦ ᠶᠢ ᠨᠢ ᠤᠯᠪᠠᠯ ᠰᠠᠶ᠋ᠢ ᠦᠨᠡᠨ ᠪᠠᠶᠢᠳᠠᠯ ᠢ ᠪᠠᠶᠢᠴᠠᠭᠠᠵᠤ᠂ ᠦᠨᠡᠨ ᠠᠷᠭ᠎ᠠ ᠶᠢ ᠡᠷᠢᠵᠦ ᠣᠯᠵᠤ ᠴᠢᠳᠠᠨ᠎ᠠ᠃      ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠪᠣᠯ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠣᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠢ ᠬᠡᠷᠬᠢᠨ ᠪᠤᠵᠠᠭᠠᠶᠢᠷᠠᠭᠤᠯᠵᠤ ᠬᠢᠬᠦ ᠪᠤᠢ︖ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠬᠡᠷᠬᠢᠨ ᠤᠷᠮᠠᠰᠢᠭᠤᠯᠬᠤ ᠪᠤᠢ︖ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠡᠷᠬᠢᠨ ᠰᠠᠶᠢᠵᠢᠷᠠᠭᠤᠯᠬᠤ ᠪᠤᠢ ᠁ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ ᠪᠦᠷ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠠᠴᠠ ᠰᠠᠯᠵᠤ ᠴᠢᠳᠠᠬᠤ ᠦᠭᠡᠢ ᠶᠤᠮ᠃ ᠴᠠᠭ ᠵᠠᠷᠤᠴᠠᠭᠤᠯᠵᠤ᠂ ᠣᠶᠤᠨ ᠴᠢᠳᠠᠯ ᠢᠶᠠᠨ ᠰᠢᠪᠬᠠᠨ ᠶᠠᠪᠤᠵᠤ ᠪᠠᠶᠢᠴᠠᠭᠠᠨ ᠰᠤᠳᠤᠯᠤᠯᠲᠠ ᠬᠢᠪᠡᠯ ︽ᠶᠠᠭᠠᠷᠠᠤ ᠰᠠᠨᠳᠤᠷᠤᠤ ᠡᠴᠦᠰ ᠳᠤ ᠪᠠᠨ ᠬᠤᠭᠤᠰᠣᠨ︾ ᠪᠠᠶᠢᠵᠤ ᠪᠤᠯᠠᠬᠤ ᠦᠭᠡᠢ᠃ ᠪᠠᠶᠢᠴᠠᠭᠠᠨ ᠰᠤᠳᠤᠯᠤᠯᠲᠠ ᠳᠠᠭᠤᠰᠴᠢᠬᠠᠭᠰᠠᠨ ᠴᠤ᠂ ᠨᠢᠭᠡ ᠬᠤᠪᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠳᠤᠰᠢᠶᠠᠴᠢᠬᠠᠪᠠᠯ ᠪᠤᠯᠠᠴᠢᠬᠠᠬᠤ ᠪᠢᠰᠢ᠃  ᠰᠡᠳᠬᠢᠨ ᠪᠤᠳᠤᠯᠬᠢᠯᠠᠬᠤ ᠶᠢ ᠴᠢᠬᠤᠯᠠᠴᠢᠯᠠᠵᠦ᠂ ᠪᠢᠯᠵᠤᠤᠬᠠᠢ ᠲᠤᠶᠠᠴᠢᠬᠤ ᠳᠠᠭᠠᠨ ᠴᠢᠳᠠᠮᠠᠭᠠᠢ ᠪᠠᠶᠢᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠢᠢᠳᠪᠦᠷᠢᠲᠦ ᠪᠤᠳᠤᠯᠭ᠎ᠠ ᠶᠢᠨ ᠰᠡᠳᠬᠢᠴᠡ ᠪᠠ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ︽ᠰᠠᠶᠢᠨ ᠠᠷᠭ᠎ᠠ ᠬᠡᠮᠵᠢᠶ᠎ᠠ︾ ᠶᠢ ᠤᠯᠬᠤ ᠬᠡᠷᠡᠭᠲᠡᠢ︔ ᠲᠦᠷᠭᠡᠨ ᠬᠤᠪᠢᠷᠠᠭᠤᠯᠵᠤ᠂ ᠲᠦᠷᠭᠡᠨ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠨᠢᠭᠡ ᠪᠦᠷᠢ ᠶᠢ ︽ᠪᠦᠬᠦᠨ ᠢ ᠰᠢᠬᠠᠬᠤ︾ ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠨᠢᠭᠡ ᠪᠦᠷᠢ ᠶᠢ ᠴᠥᠮ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠢᠩᠭᠢᠵᠦ ᠬᠢᠭᠰᠡᠨ ᠰᠠᠶ᠋ᠢ ᠪᠠᠶᠢᠴᠠᠭᠠᠨ ᠰᠤᠳᠤᠯᠤᠯᠲᠠ ᠰᠠᠶ᠋ᠢ ᠦᠨᠡᠨ ᠬᠦᠨᠳᠦᠴᠡ ᠲᠠᠢ᠂ ᠠᠴᠢ ᠬᠤᠯᠪᠣᠭᠳᠠᠯ ᠲᠠᠢ ᠶᠤᠮ᠃ᠢᠷᠡᠯᠳᠡ᠄  ᠦᠪᠦᠷ ᠮᠤᠩᠭᠤᠯ ᠤᠨ ᠡᠳᠦᠷ ᠤᠨ ᠰᠤᠨᠢᠨ
 
ᠢᠷᠡᠯᠲᠡ᠄ 1
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1