ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ - ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠳᠡᠨ ᠤ ᠠᠵᠢᠯ ᠤᠨ ᠲᠡᠦᠬᠡᠨ ᠤᠷᠤᠨ ᠪᠠᠶᠢᠷᠢ ᠶᠢ ᠡᠵᠡᠮᠰᠢᠬᠦ ᠬᠡᠷᠡᠭᠲᠡᠢ
ᠨᠡᠶᠢᠲᠡᠯᠡᠭᠰᠡᠨ ᠴᠠᠭ᠄
2023/5/29
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯ ᠨᠠᠮ ᠤᠨ ᠦᠨᠳᠦᠰᠦᠲᠡᠨ ᠤ ᠠᠵᠢᠯ ᠤᠨ ᠣᠨᠣᠯ ᠪᠠ ᠦᠢᠯᠡᠳᠦᠯᠭᠡ ᠶᠢᠨ ᠣᠶᠤᠨ ᠤᠬᠠᠭᠠᠨ ᠤ ᠦᠷ᠎ᠡ ᠪᠦᠲᠦᠭᠡᠯ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠪᠥᠬᠦ ᠨᠠᠮ ᠢᠶᠠᠷ ᠢᠶᠠᠨ ᠡᠷᠬᠡᠪᠰᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠬᠤ ᠬᠡᠷᠡᠭᠲᠡᠶ᠃      ︽ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠡᠵᠡᠮᠳᠡᠨ᠎ᠡ︾᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠠᠷᠪᠠᠨ ᠬᠤᠶᠠᠷ ᠡᠷᠬᠡᠪᠰᠢ︾ ᠶᠢᠨ ᠳᠤᠮᠳᠠ ᠲᠡᠷᠢᠭᠦᠨ ᠴᠢᠬᠤᠯᠠ ᠪᠠᠶᠢᠷᠢᠨ ᠳᠤ ᠪᠠᠶᠢᠬᠤ ᠬᠡᠷᠡᠭᠲᠡᠢ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠷᠺᠰ ᠤᠨ ᠦᠵᠡᠯ ᠤᠨ ᠤᠯᠤᠰ ᠲᠦᠷᠦᠴᠢᠨ᠂ ᠪᠤᠳᠤᠯᠭᠠᠨᠲᠠᠨ᠂ ᠪᠠᠶᠢᠯᠳᠤᠬᠤ ᠪᠤᠳᠤᠯᠭᠠᠨᠲᠠᠨ ᠤ ᠭᠦᠨᠵᠡᠭᠡᠢ ᠠᠵᠢᠭᠯᠠᠬᠤ ᠬᠦᠴᠦᠨ ᠮᠥᠨ᠂ ︽ᠬᠤᠶᠠᠷ ᠶᠡᠭᠡ ᠲᠠᠯ᠎ᠠ︾ ᠶᠢ ᠶᠡᠷᠦᠩᠬᠡᠶᠢᠯᠡᠨ ᠡᠵᠡᠮᠳᠡᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠳᠤ ᠬᠢᠭᠰᠡᠨ ᠰᠢᠨᠵᠢᠯᠡᠬᠦ ᠤᠬᠠᠭᠠᠨᠴᠢ ᠮᠠᠭᠠᠳᠯᠠᠯᠲᠠ ᠮᠥᠨ᠂ ᠪᠢᠳᠡᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ ᠣᠨᠣᠪᠴᠢᠲᠠᠢ ᠡᠵᠡᠮᠰᠢᠬᠦ ᠬᠡᠷᠡᠭᠲᠡᠢ ᠲᠣᠭᠲᠠᠮᠠᠯ ᠣᠳᠣᠨ ᠮᠥᠨ᠃      ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠳᠤᠮᠳᠠᠳᠤ ᠶᠢᠨ ᠦᠨᠳᠦᠰᠦᠲᠡᠨ ᠤ ᠣᠶᠢᠷ᠎ᠠ ᠦᠶ᠎ᠡ ᠠᠴᠠ ᠨᠠᠭᠠᠰᠢᠬᠢ ᠬᠠᠮᠤᠭ ᠤᠨ ᠠᠭᠤᠤ ᠶᠡᠭᠡ ᠬᠦᠰᠡᠯ ᠵᠡᠭᠦᠳᠦ ᠮᠥᠨ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠳᠠᠭᠠᠨ ᠭᠦᠨᠵᠡᠭᠡᠢ ᠵᠢᠭᠠᠵᠤ ᠭᠠᠷᠭᠠᠭᠰᠠᠨ ᠨᠢ ︽ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ ᠶᠢ ᠬᠤᠷᠢᠶᠠᠩᠭᠤᠶᠢᠯᠠᠪᠠᠯ᠄ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ‍ ᠨᠢᠭᠡ ᠭᠤᠣᠯ ᠰᠡᠳᠦᠪ ᠪᠣᠯᠤᠨ᠎ᠠ︾᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠳᠠᠷᠤᠢ ᠤᠯᠤᠰ ᠣᠷᠣᠨ ᠤ ᠪᠠᠶᠠᠨ ᠬᠦᠴᠦᠷᠬᠡᠭ᠂ ᠦᠨᠳᠦᠰᠦᠲᠡᠨ ᠤ ᠰᠡᠷᠭᠦᠨ ᠮᠠᠨᠳᠤᠯᠲᠠ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠨᠡ ᠬᠦ ᠬᠦᠰᠡᠯ ᠵᠡᠭᠦᠳᠦ ᠨᠢ ᠬᠡᠳᠦᠨ ᠦᠶ᠎ᠡ ᠶᠢᠨ ᠳᠤᠮᠳᠠᠳᠤ ᠶᠢᠨ ᠬᠥᠮᠦᠨ ᠤ ᠬᠦᠰᠡᠯ ᠡᠷᠡᠮᠡᠯᠵᠡᠯ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ ᠶᠢ ᠢᠯᠡᠷᠡᠭᠦᠯᠵᠦ᠂ ᠳᠤᠮᠳᠠᠳᠤ ᠶᠢᠨ ᠬᠥᠪᠡᠭᠦᠳ ᠥᠬᠢᠳ ᠨᠢᠭᠡ ᠪᠦᠷᠢ ᠶᠢᠨ ᠬᠠᠮᠲᠤ ᠶᠢᠨ ᠬᠦᠰᠡᠯ ᠮᠥᠨ᠃ᠤᠯᠤᠰ ᠣᠷᠣᠨ ᠰᠠᠶᠢᠨ ᠦᠨᠳᠦᠰᠦᠳᠡᠨ ᠰᠠᠶᠢᠨ ᠪᠠᠶᠢᠮᠠᠨᠵᠢᠨ ᠣᠯᠠᠨ ᠢᠶᠠᠷ ᠢᠶᠠᠨ ᠰᠠᠶ᠋ᠢ ᠪᠦᠭᠦᠳᠡᠭᠡᠷ ᠰᠠᠶᠢᠨ ᠪᠠᠶᠢᠵᠦ ᠴᠢᠳᠠᠨ᠎ᠠ ᠭᠡᠳᠡᠭ ᠢ ᠲᠡᠦᠬᠡ ᠭᠡᠷᠡᠴᠢᠯᠡᠵᠡᠢ᠃        ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠪᠣᠯ ᠦᠨᠳᠦᠰᠦᠲᠡᠨ  ᠨᠦᠭᠦᠳ ᠤᠨ ᠬᠦᠰᠡᠯ ᠮᠥᠨ᠂ ᠪᠠᠰᠠ ᠴᠤ ᠮᠠᠨ ᠤ ᠦᠨᠳᠦᠰᠦᠲᠡᠨ ᠨᠦᠭᠦᠳ ᠤᠨ ᠥᠪᠡᠷ ᠤᠨ ᠬᠦᠰᠡᠯ ᠮᠥᠨ᠃ 100 ᠵᠢᠯ ᠤᠨ ᠲᠤᠷᠰᠢ᠂ ᠮᠠᠨ ᠤ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠥᠷᠭᠡᠨ ᠳᠠᠷᠳᠠᠩ ᠵᠠᠮ ᠢᠶᠠᠷ ᠵᠠᠮᠨᠠᠵᠤ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠵᠤ᠂ ᠦᠨᠳᠦᠰᠦᠲᠡᠨ ᠨᠦᠭᠦᠳ ᠤᠨ ᠳᠦᠷᠰᠦ ᠪᠠᠶᠢᠳᠠᠯ᠂ ᠦᠨᠳᠦᠰᠦᠲᠡᠨ ᠤ ᠭᠠᠵᠠᠷ ᠣᠷᠣᠨ ᠤ ᠳᠦᠷᠰᠦ ᠪᠠᠶᠢᠳᠠᠯ᠂ ᠦᠨᠳᠦᠰᠦᠲᠡᠨ ᠤ ᠬᠠᠷᠢᠴᠠᠭ᠎ᠠ ᠶᠢᠨ ᠳᠦᠷᠰᠦ ᠪᠠᠶᠢᠳᠠᠯ᠂ ᠳᠤᠮᠳᠠᠳᠤ ᠶᠢᠨ ᠦᠨᠳᠦᠰᠦᠲᠡᠨ ᠤ ᠳᠦᠷᠰᠦ ᠪᠠᠶᠢᠳᠠᠯ ᠳᠤ ᠴᠥᠮ ᠲᠩᠷᠢ ᠭᠠᠵᠠᠷ ᠢ ᠳᠣᠩᠰᠣᠯᠭᠠᠮ᠎ᠠ ᠲᠡᠦᠬᠡᠲᠦ ᠴᠢᠨᠠᠷᠲᠠᠶ ᠯᠤᠲᠤ ᠶᠡᠭᠡ ᠬᠤᠪᠢᠷᠠᠯᠲᠠ ᠭᠠᠷᠪᠠ᠃ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠵᠣᠷᠢᠭ ᠨᠢ ᠤᠷᠢᠳᠤ ᠡᠮᠦᠨ᠎ᠡ ᠪᠠᠶᠢᠭ᠎ᠠ ᠦᠭᠡᠢ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠤ ᠲᠥᠪᠯᠡᠩᠭᠦᠢ ᠬᠦᠴᠦᠨ ᠲᠦᠢᠯ ᠤᠨ ᠶᠡᠭᠡ ᠪᠠᠷ ᠴᠢᠩᠭᠠᠷᠠᠵᠤ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ  ᠪᠡᠶᠡᠯᠡᠭᠦᠯᠬᠦ ᠰᠠᠶᠢᠨ ᠰᠠᠶᠢᠬᠠᠨ ᠪᠠᠶᠢᠳᠠᠯ ᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠤᠷᠢᠳ ᠡᠮᠦᠨ᠎ᠡ ᠪᠠᠶᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠢᠯᠡᠷᠡᠵᠡᠢ᠃ ᠤᠳᠤ᠂ ᠳᠤᠮᠳᠠᠳᠤ ᠶᠢᠨ ᠦᠨᠳᠦᠰᠦᠲᠡᠨ ᠲᠡᠦᠬᠡᠨ ᠳᠡᠭᠡᠷᠡᠬᠢ ᠬᠠᠮᠤᠭ ᠤᠨ ᠰᠠᠶᠢᠨ ᠬᠥᠭᠵᠢᠯᠲᠡ ᠶᠢᠨ ᠴᠠᠭ ᠦᠶ᠎ᠡ ᠪᠠᠨ ᠤᠭᠲᠤᠨ ᠠᠪᠴᠢᠷᠠᠪᠠ᠂ ᠪᠢᠳᠡ ᠲᠡᠦᠬᠡᠨ ᠳᠡᠭᠡᠷᠡᠬᠢ ᠠᠯᠢ ᠴᠤ ᠦᠶ᠎ᠡ ᠠᠴᠠ ᠢᠯᠡᠭᠦᠦ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠲᠠᠢ ᠣᠶᠢᠷᠠᠳᠴᠤ᠂ ᠲᠡᠦᠬᠡᠨ ᠳᠡᠭᠡᠷᠡᠬᠢ ᠠᠯᠢ ᠴᠤ ᠦᠶ᠎ᠡ ᠠᠴᠠ ᠢᠯᠡᠭᠦᠦ ᠡᠨᠡ ᠬᠦ ᠬᠠᠷᠠᠯᠲᠠ ᠪᠠᠨ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠠᠢ ᠪᠣᠯᠤᠭᠰᠠᠨ ᠶᠤᠮ᠃     ᠮᠠᠨ ᠤ ᠤᠯᠤᠰ ᠪᠣᠯ ᠣᠯᠠᠨ ᠦᠨᠳᠦᠰᠦᠲᠡᠨ ᠲᠠᠢ ᠨᠢᠭᠡᠳᠳᠤᠭ᠍ᠰᠡᠨ ᠤᠯᠤᠰ ᠮᠦᠨ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠪᠣᠯ ᠡᠬᠡ ᠤᠯᠤᠰ ᠤᠨ ᠨᠢᠭᠡᠳᠦᠯ ᠪᠣᠯᠤᠨ ᠬᠢᠯᠢ ᠬᠢᠵᠠᠭᠠᠷ ᠣᠷᠣᠨ ᠤ ᠲᠣᠭᠲᠠᠭᠤᠨ ᠲᠠᠢ ᠬᠤᠯᠪᠣᠭᠳᠠᠬᠤ ᠶᠡᠭᠡ ᠶᠠᠪᠤᠳᠠᠯ᠂ ᠦᠨᠳᠦᠰᠦᠲᠡᠨ ᠤ ᠪᠦᠯᠬᠦᠮᠳᠡᠯ ᠪᠣᠯᠤᠨ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠬᠤ ᠶᠡᠭᠡ ᠶᠠᠪᠤᠳᠠᠯ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠳᠤᠮᠳᠠᠳᠤ ᠶᠢᠨ ᠦᠨᠳᠦᠰᠦᠲᠡᠨ ᠤ ᠴᠡᠴᠡᠭᠯᠡᠨ ᠬᠦᠭᠵᠢᠬᠦ ᠲᠠᠢ ᠬᠤᠯᠪᠣᠭᠳᠠᠬᠤ ᠶᠡᠭᠡ ᠶᠠᠪᠤᠳᠠᠯ ᠪᠣᠯᠤᠨ᠎ᠠ ᠃      ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠨᠠᠷᠢᠨ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠪᠢᠳᠡ ᠨᠡᠩ ᠴᠤ ᠪᠦᠯᠬᠦᠮᠳᠡᠨ ᠨᠢᠭᠡᠳᠴᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠲᠤᠮᠤ ᠬᠥᠯᠭᠡ ᠤᠩᠭᠤᠴᠠ ᠢ ᠠᠮᠵᠢᠯᠲᠠ ᠲᠠᠢ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ ︽ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠭᠡᠷ ᠮᠡᠲᠦ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠵᠠᠪᠠᠯ ᠪᠡᠶᠡᠯᠡᠭᠦᠯᠬᠦ ᠦᠨᠳᠦᠰᠦᠨ ᠪᠠᠲᠤᠯᠠᠭ᠎ᠠ ᠮᠥᠨ︾ ᠭᠡᠵᠡᠢ᠃ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠤᠨ ᠴᠡᠭ ᠲᠤ ᠵᠣᠭᠰᠣᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠲᠡᠨ ᠨᠦᠭᠦᠳ ᠤᠨ ᠭᠠᠷ ᠠᠴᠠ ᠭᠠᠷᠳᠠᠵᠤ᠂ ᠮᠥᠷᠥ ᠵᠡᠷᠭᠡᠴᠡᠨ ᠤᠷᠤᠭᠰᠢᠯᠠᠵᠤ᠂ ᠬᠠᠮᠲᠤ ᠪᠠᠷ ᠴᠢᠷᠮᠠᠶᠢᠨ ᠲᠡᠮᠡᠴᠡᠬᠦ ᠬᠡᠷᠡᠭᠲᠡᠢ᠃ ᠭᠠᠭᠴᠠ ᠬᠦ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠠᠲᠤ ᠪᠠᠬᠢ ᠦᠵᠡᠯ ᠰᠠᠨᠠᠭᠠᠨ ᠤ ᠤᠷᠳᠤ ᠴᠠᠭᠠᠨ ᠬᠡᠷᠡᠮ ᠢ ᠪᠠᠶᠢᠭᠤᠯᠪᠠᠯ ᠰᠠᠶ᠋ᠢ ᠤᠯᠤᠰ ᠣᠷᠣᠨ ᠢ ᠬᠥᠭᠵᠢᠨ ᠴᠡᠴᠡᠭᠯᠡᠭᠦᠯᠬᠦ᠂ ᠥᠨᠢ ᠤᠳᠠᠭᠠᠨ ᠠᠮᠤᠷ ᠲᠦᠪᠰᠢᠨ ᠪᠠᠶᠢᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠢ ᠲᠠᠨᠢᠯᠲᠠ ᠶᠢᠨ ᠬᠡᠮᠵᠢᠶ᠎ᠡ ᠪᠠᠷ ᠨᠡᠩ ᠥᠨᠳᠥᠷ᠂ ᠨᠢᠭᠲᠠᠷᠠᠯ ᠤᠨ ᠬᠦᠴᠦᠨ ᠢᠶᠠᠷ ᠨᠡᠩ ᠴᠢᠩᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠵᠤ ᠴᠢᠳᠠᠨ᠎ᠠ᠃      ᠰᠢᠨ᠎ᠡ ᠦᠵᠡᠯ ᠰᠠᠨᠠᠭ᠎ᠠ ᠨᠢ ᠰᠢᠨ᠎ᠡ ᠴᠢᠭᠯᠡᠯ ᠢ ᠵᠢᠭᠠᠨ ᠵᠢᠯᠣᠭᠤᠳᠴᠤ᠂ ᠰᠢᠨ᠎ᠡ ᠴᠠᠭ ᠦᠶ᠎ᠡ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠪᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠢᠷᠠᠭᠤ ᠠᠯᠳᠠᠷᠲᠠᠢ ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ᠂ ᠲᠡᠷᠡ ᠨᠢ ᠦᠶ᠎ᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠪᠠᠷ ᠴᠢᠷᠮᠠᠶᠢᠬᠤ ᠴᠢᠬᠤᠯᠠᠲᠠᠢ ᠶᠤᠮ᠃ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠣᠨᠣᠪᠴᠢᠲᠠᠶ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠡᠵᠡᠮᠳᠡᠬᠦ ᠴᠢᠳᠠᠪᠤᠷᠢ᠂ ᠤᠯᠤᠰ ᠲᠦᠷᠦ ᠶᠢᠨ ᠭᠦᠢᠴᠢᠳᠭᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠡᠬᠢᠯᠡᠯᠲᠡ ᠪᠠ ᠵᠤᠭᠰᠤᠴᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠳᠤᠮᠳᠠᠳᠤ ᠶᠢᠨ ᠬᠥᠪᠡᠭᠦᠳ ᠥᠬᠢᠳ ᠢ ᠪᠦᠯᠬᠦᠮᠳᠡᠭᠦᠯᠦᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ᠂ ᠴᠤᠭ ᠰᠦᠯᠳᠡ ᠪᠠᠳᠠᠷᠠᠵᠤ᠂ ᠳᠠᠶᠢᠴᠢᠨ ᠵᠣᠷᠢᠭ ᠪᠠᠳᠠᠷᠠᠩᠭᠤᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠭᠤᠯᠬᠤ ᠬᠡᠷᠡᠭᠲᠡᠢ︕︵ᠢᠷᠡᠯᠲᠡ᠄ ᠳᠤᠮᠳᠠᠳᠤ ᠤᠯᠤᠰ ᠤᠨ ᠦᠨᠳᠦᠰᠦᠲᠡᠨ ᠤ ᠰᠣᠨᠢᠨ︶
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1