ᠲᠣᠭᠲᠠᠬᠤ ᠰᠢᠶᠠᠨ ᠤ ᠮᠠᠨᠳᠠᠷᠠᠸ᠎ᠠ ᠴᠡᠴᠡᠭ ᠤᠨ ᠰᠤᠨᠢᠷᠬᠠᠯ
ᠨᠡᠶᠢᠲᠡᠯᠡᠭᠰᠡᠨ ᠴᠠᠭ᠄
2023/5/30
      ᠲᠦᠷᠪᠡᠨ ᠤᠯᠠᠷᠢᠯ ᠤᠨ ᠰᠠᠷᠭᠠᠢ ᠴᠡᠴᠡᠭ ᠠᠩᠬᠢᠯᠤᠮ᠎ᠠ ᠰᠠᠶᠢᠬᠠᠨ ᠦᠨᠦᠷ ᠬᠠᠩᠬᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠵᠤᠭᠠᠴᠠᠭᠰᠠᠳ ᠤᠨ ᠰᠤᠨᠢᠷᠬᠠᠯ ᠢ ᠲᠠᠳᠠᠨ᠎ᠠ ᠁ ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠮᠢᠶᠣᠣ ᠵᠢᠶᠠ ᠶᠣᠣ ᠲᠣᠰᠬᠤᠨ ᠤ ᠡᠮᠦᠨ᠎ᠡ ᠪᠠᠶᠢᠭ᠎ᠠ ᠮᠠᠨᠳᠠᠷᠠᠸ᠎ᠠ ᠶᠢᠨ ᠬᠦᠷᠢᠶᠡᠯᠡᠩ ᠤᠨ 20 ᠭᠠᠷᠤᠢ ᠵᠦᠢᠯ ᠤᠨ ᠰᠣᠷᠭᠤᠭ ᠴᠡᠴᠡᠭ ᠥᠩᠭᠡ ᠪᠤᠯᠢᠶᠠᠯᠳᠤᠨ ᠳᠡᠯᠭᠡᠷᠡᠵᠦ᠂ ᠴᠥᠭᠡᠨ ᠪᠤᠰᠤ ᠵᠤᠭᠠᠴᠠᠭᠰᠠᠳ ᠤᠨ ᠰᠣᠨᠢᠷᠬᠠᠯ ᠢ ᠲᠠᠲᠠᠪᠠ᠃       ᠣᠶᠢᠯᠠᠭᠠᠭᠰᠠᠨ ᠢᠶᠠᠷ᠂ ᠮᠠᠨᠳᠠᠷᠠᠸ᠎ᠠ ᠬᠦᠷᠢᠶᠡᠯᠡᠩ ᠳᠤ ᠬᠠᠷᠢᠶᠠᠯᠠᠭᠳᠠᠬᠤ ᠲᠣᠭᠲᠠᠬᠤ ᠰᠢᠶᠠᠨ ᠤ ᠰᠢᠨ ᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠬᠤᠳᠠ ᠶᠢᠨ ᠲᠡᠰ ᠤᠨ ᠮᠠᠯ ᠠᠵᠤ ᠠᠬᠤᠢ ᠲᠠᠷᠢᠶᠠᠯᠠᠩ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠪᠣᠯᠣᠨ᠎ᠠ᠂ ᠭᠤᠣᠯᠳᠠᠭᠤ ᠢᠳᠡᠭᠡᠨ ᠤᠮᠳᠠᠭᠠᠨ ᠤ ᠦᠢᠯᠡᠴᠢᠯᠡᠭᠡ᠂ ᠲᠣᠭᠤᠷᠢᠨ ᠦᠵᠡᠬᠦ ᠵᠤᠭᠠᠴᠠᠯ᠂ ᠲᠠᠷᠢᠮᠠᠯ ᠤᠨ ᠰᠤᠳᠤᠯᠭᠠᠨ ᠤ ᠤᠬᠠᠭᠠᠨ ᠵᠡᠷᠭᠡ ᠶᠢ ᠡᠵᠡᠩᠨᠡᠵᠦ᠂ ᠥᠪᠥᠷ ᠮᠣᠩᠭᠤᠯ ᠤᠨ ᠬᠠᠮᠤᠭ ᠤᠨ ᠲᠣᠮᠣ ᠮᠠᠨᠳᠠᠷᠠᠸ᠎ᠠ ᠲᠠᠷᠢᠮᠠᠯ ᠤᠨ ᠰᠠᠭᠤᠷᠢᠨ ᠪᠣᠯᠣᠨ᠎ᠠ᠃ ᠲᠡᠷᠡᠴᠢᠯᠡᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠣᠯᠭᠤᠭᠰᠠᠨ ᠲᠡᠷᠢᠭᠦᠨ ᠤ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠤ ᠢᠷᠠᠭᠤ ᠠᠯᠳᠠᠷ ᠤᠨ ᠴᠣᠯᠠ ᠶᠢ ᠬᠦᠷᠲᠡᠵᠦ᠂ ᠪᠠᠰᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠴᠡᠴᠡᠷᠯᠢᠭ ᠤᠨ ᠮᠡᠷᠭᠡᠵᠢᠯ ᠪᠣᠯᠣᠨ ᠤᠷᠭᠤᠮᠠᠯ ᠤᠨ ᠬᠠᠮᠠᠭᠠᠯᠠᠯᠲᠠ ᠶᠢᠨ ᠳᠡᠭᠡᠳᠦ ᠰᠤᠷᠭᠠᠭᠤᠯᠢ ᠲᠠᠢ ᠬᠠᠮᠲᠤᠷᠠᠨ ᠵᠢᠭᠠᠨ ᠰᠤᠷᠭᠠᠯᠲᠠ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ ᠪᠠᠶᠢᠭᠤᠯᠪᠠ᠃ ᠬᠦᠷᠢᠶᠡᠯᠡᠩ ᠲᠣᠭᠤᠷᠢᠭ ᠲᠤ ᠴᠡᠴᠡᠭ ᠡᠪᠡᠰᠦ᠂ ᠵᠢᠮᠢᠰ ᠤᠨ ᠮᠣᠳᠣ ᠳᠠᠷᠢᠵᠤ ᠲᠡᠭᠦᠭᠰᠡᠨ ᠣᠶ ᠶᠢᠨ ᠬᠤᠷᠮᠣᠢ ᠶᠢᠨ ᠠᠵᠤ ᠠᠬᠤᠢ ᠪᠠᠷ ᠭᠤᠣᠯ ᠪᠣᠯᠭᠠᠵᠤ᠂ 370 ᠮᠦ ᠲᠠᠯᠠᠪᠠᠶ ᠡᠵᠡᠯᠡᠵᠦ᠂ ᠲᠣᠰᠣᠨ ᠳᠤ ᠬᠡᠷᠡᠭᠯᠡᠬᠦ ᠮᠠᠨᠳᠠᠷᠠᠸ᠎ᠠ 100 ᠭᠠᠷᠤᠢ ᠮᠦ ᠳᠠᠷᠢᠵᠤ᠂ 5000 ᠰᠠᠭᠤᠷᠢ ᠮᠠᠨᠳᠠᠷᠠᠸ᠎ᠠ ᠴᠡᠴᠡᠭ ᠰᠣᠨᠢᠷᠬᠠᠵᠤ᠂ ᠡᠮ ᠳᠤ ᠬᠡᠷᠡᠭᠯᠡᠬᠦ ᠪᠠ ᠦᠵᠡᠮᠦᠷᠢ ᠶᠢᠨ ᠴᠠᠨ᠎ᠠ 30 ᠮᠦ ᠳᠠᠷᠢᠵᠠᠢ᠃ ᠪᠠᠷᠤᠭ 200 ᠮᠦ ᠵᠢᠮᠢᠰ ᠤᠨ ᠮᠣᠳᠣ ᠳᠠᠷᠢᠵᠤ᠂ ᠳᠣᠯᠣᠨᠤ᠂ ᠠᠯᠮᠤᠷᠠᠳ᠂ ᠠᠯᠢᠮ᠎ᠠ᠂ ᠬᠦᠢᠯᠡᠰᠦ᠂ ᠤᠯᠠᠭᠠᠨ ᠭᠦᠢᠯᠡᠰᠦ᠂ ᠴᠢᠪᠠᠭ᠎ᠠ᠂ ᠢᠯᠠᠮ᠎ᠠ ᠵᠡᠷᠭᠡ ᠠᠷᠪᠠᠨ ᠬᠡᠳᠦᠨ ᠵᠦᠢᠯ ᠤᠨ ᠵᠢᠮᠢᠰ ᠤᠨ ᠮᠣᠳᠣ ᠳᠠᠷᠢᠳᠠᠭ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1