ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠢ ᠮᠡᠳᠡᠯᠭᠡ ᠶᠢᠨ ᠠᠰᠠᠭᠤᠯᠲᠠ | ᠬᠠᠷᠢᠭᠤᠯᠲᠠ ᠶᠢᠨ ᠶᠢᠰᠦᠳᠦᠭᠡᠷ ᠬᠤᠭᠤᠴᠠᠭ᠎ᠠ | 1᠂ ᠮᠠᠨ ᠤ ᠤᠯᠤᠰ ᠤᠨ ᠦᠨᠳᠦᠰᠦᠨ ᠬᠠᠤᠯᠢ ᠳᠤ ᠬᠡᠳᠦᠨ ᠤᠳᠠᠭ᠎ᠠ ᠵᠠᠰᠠᠪᠤᠷᠢ ᠣᠷᠣᠭᠤᠯᠤᠭᠰᠠᠨ ᠪᠤᠢ︖ | ᠬᠠᠷᠢᠭᠤᠯᠲᠠ᠄ ᠲᠠᠪᠤ ᠤᠳᠠᠭ᠎ᠠ᠃ | 2᠂ ᠦᠨᠳᠦᠰᠦᠨ ᠬᠠᠤᠯᠢ ᠶᠢ ᠪᠠᠲᠤᠯᠠᠭᠳᠠᠭᠰᠠᠨ ᠦᠨᠳᠦᠰᠦᠨ ᠬᠠᠤᠯᠢ ᠪᠠ ᠪᠠᠳᠤᠯᠠᠭᠳᠠᠭᠠ ᠦᠭᠡᠢ ᠦᠨᠳᠦᠰᠦᠨ | ᠬᠠᠤᠯᠢ ᠭᠡᠵᠦ ᠬᠤᠪᠢᠶᠠᠵᠤ ᠪᠣᠯᠣᠨ᠎ᠠ᠂ ᠲᠡᠭᠦᠨ ᠤ ᠲᠥᠷᠥᠯ ᠬᠤᠪᠢᠶᠠᠬᠤ ᠦᠨᠳᠦᠰᠦᠯᠡᠯ ᠨᠢ ᠶᠠᠭᠤ ᠪᠣᠶ︖ | ᠬᠠᠷᠢᠭᠤᠯᠲᠠ᠄ ᠨᠢᠭᠡᠳᠦᠯᠲᠡᠢ ᠬᠠᠤᠯᠢ ᠶᠢᠨ ᠪᠢᠴᠢᠭ ᠤᠨ ᠬᠡᠯᠪᠡᠷᠢ ᠪᠠᠶᠢᠬᠤ ᠡᠰᠡᠬᠦ᠃ | 3᠂ ᠦᠨᠳᠦᠰᠦᠨ ᠬᠠᠤᠯᠢ ᠨᠢ ᠨᠢᠭᠡ ᠤᠯᠤᠰ ᠤᠨ ᠦᠨᠳᠦᠰᠦ ᠪᠣᠯᠬᠤ ᠶᠡᠭᠡ ᠬᠠᠤᠯᠢ ᠪᠣᠯᠤᠭᠰᠠᠨ ᠤ ᠬᠤᠪᠢ ᠳᠤ | ᠲᠤᠶᠢᠯ ᠤᠨ ᠡᠷᠬᠢᠮ ᠳᠡᠭᠡᠳᠦ ᠪᠠᠶᠢᠷᠢ ᠰᠠᠭᠤᠷᠢ ᠲᠠᠢ ᠪᠠᠶᠢᠳᠠᠭ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ ᠤ ᠲᠡᠷᠠᠭ᠎ᠠ ᠨᠡᠶᠢᠳᠠ ᠲᠦᠷᠪᠡᠨ ᠦᠨᠳᠦᠰᠦᠨ ᠬᠠᠤᠯᠢ ᠶᠢ ᠤᠷᠢᠳ ᠬᠤᠵᠢᠳ ᠲᠣᠭᠲᠠᠭᠠᠨ | ᠨᠡᠶᠢᠲᠡᠯᠡᠪᠡ᠂ ᠤᠳᠦ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠨᠢ ᠠᠯᠢ ᠦᠨᠳᠦᠰᠦᠨ ᠬᠠᠤᠯᠢ ᠪᠤᠢ︖ | ᠬᠠᠷᠢᠭᠤᠯᠲᠠ᠄ ︽ᠨᠠᠢᠮᠠ ᠬᠤᠶᠠᠷ︾ ᠤᠨ ᠦᠨᠳᠦᠰᠦᠨ ᠬᠠᠤᠯᠢ᠃ | 4᠂ ᠠᠯᠢ ᠵᠢᠯ ᠳᠤ ︽ᠬᠠᠤᠯᠢ ᠪᠠᠷ ᠤᠯᠤᠰ ᠢᠶᠠᠨ ᠵᠠᠰᠠᠬᠤ︾ ᠶᠢ ᠦᠨᠳᠦᠰᠦᠨ ᠬᠠᠤᠯᠢ ᠳᠤ ᠵᠠᠰᠠᠪᠤᠷᠢ | ᠣᠷᠣᠭᠤᠯᠬᠤ ᠲᠥᠰᠥᠯ ᠤᠨ ᠬᠡᠯᠪᠡᠷᠢ ᠪᠠᠷ ᠦᠨᠳᠦᠰᠦᠨ ᠬᠠᠤᠯᠢ ᠳᠤ ᠪᠢᠴᠢᠵᠦ ᠤᠷᠤᠭᠤᠯᠤᠭᠰᠠᠨ ᠪᠤᠢ︖ | ᠬᠠᠷᠢᠭᠤᠯᠲᠠ᠄ 1999 ᠣᠨ ᠳᠤ ︽ᠬᠠᠤᠯᠢ ᠶᠣᠰᠣᠭᠠᠷ ᠤᠯᠤᠰ ᠢᠶᠠᠨ ᠵᠠᠰᠠᠬᠤ︾ ᠶᠢ ᠦᠨᠳᠦᠰᠦᠨ | ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠬᠡᠯᠪᠡᠷᠢ ᠪᠠᠷ ᠦᠨᠳᠦᠰᠦᠨ ᠬᠠᠤᠯᠢ ᠳᠤ ᠪᠢᠴᠢᠵᠦ ᠣᠷᠣᠭᠤᠯᠵᠠᠢ᠃ | 5᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠬᠤ ᠪᠠᠶᠢᠭᠤᠯᠤᠯᠭ᠎ᠠ ᠠᠴᠠ ᠠᠪᠴᠤ ᠦᠵᠡᠪᠡᠯ᠂ ᠮᠠᠨ ᠤ | ᠤᠯᠤᠰ ᠠᠯᠢ ᠪᠠᠶᠢᠭᠤᠯᠤᠯᠭ᠎ᠠ ᠶᠢᠨ ᠦᠨᠳᠦᠰᠦᠨ ᠬᠠᠤᠯᠢ ᠶᠢᠨ ᠪᠠᠲᠤᠯᠠᠭ᠎ᠠ ᠶᠢ ᠬᠡᠷᠡᠭᠵᠢᠭᠦᠯᠬᠦ ᠵᠠᠭᠪᠤᠷ ᠲᠤ | ᠬᠠᠷᠢᠶᠠᠯᠠᠭᠳᠠᠬᠤ ᠪᠤᠢ︖ | ᠬᠠᠷᠢᠭᠤᠯᠲᠠ᠄ ᠬᠠᠤᠯᠢ ᠲᠣᠭᠲᠠᠭᠠᠬᠤ ᠪᠠᠶᠢᠭᠤᠯᠭ᠎ᠠ᠃ | 6᠂ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠳᠤ ᠲᠣᠭᠲᠠᠭᠠᠭᠰᠠᠨ ᠦᠨᠳᠦᠰᠦᠨ ᠬᠠᠤᠯᠢ ᠳᠤ | ᠵᠠᠰᠠᠪᠤᠷᠢ ᠣᠷᠣᠭᠤᠯᠬᠤ ᠡᠷᠬᠡ ᠲᠠᠢ ᠪᠠᠶᠢᠭᠤᠯᠤᠯᠭ᠎ᠠ ᠨᠢ ᠠᠯᠢ ᠪᠠᠶᠢᠭᠤᠯᠤᠯᠭ᠎ᠠ ᠪᠣᠯᠬᠤ ᠪᠤᠢ︖ | ᠬᠠᠷᠢᠭᠤᠯᠲᠠ᠄ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | 7᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠠᠤᠯᠢ ᠪᠠᠷ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠣᠯ ᠶᠠᠮᠠᠷ ᠬᠠᠷᠢᠭᠤᠴᠠᠯᠭ᠎ᠠ ᠨᠡᠬᠡᠮᠵᠢᠯᠡᠬᠦ ᠪᠣᠶ︖ | ᠬᠠᠷᠢᠭᠤᠯᠲᠠ᠄ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠠᠶᠢᠪᠠᠯ᠂ ᠳᠡᠭᠡᠷ᠎ᠡ | ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠂ᠤᠢᠢᠯᠠ ᠪᠠᠶᠢᠳᠠᠯ | ᠨᠢ ᠬᠦᠨᠳᠦ ᠨᠣᠴᠢᠲᠠᠢ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ | ᠬᠥᠮᠥᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 8᠂ ᠲᠦᠷᠦ ᠶᠢᠨ ᠪᠠᠶᠢᠭᠤᠯᠤᠮᠵᠢ᠂ ᠠᠷᠠᠳ ᠢᠷᠭᠡᠳ ᠤᠨ ᠦᠨᠳᠦᠰᠦᠨ ᠡᠷᠬᠡ ᠪᠠ ᠡᠭᠦᠷᠭᠡ᠂ ᠤᠯᠤᠰ ᠤᠨ ᠲᠤᠭ᠂ | ᠤᠯᠤᠰ ᠤᠨ ᠳᠠᠭᠤᠤ᠂ ᠤᠯᠤᠰ ᠤᠨ ᠰᠦᠯᠳᠡ᠂ ᠨᠡᠶᠢᠰᠯᠡᠯ᠂ ᠤᠯᠤᠰ ᠤᠨ ᠦᠨᠳᠦᠰᠦᠨ ᠪᠠᠶᠢᠭᠤᠯᠤᠯ ᠤᠨ ᠠᠯᠢ ᠨᠢᠭᠡ | ᠨᠢ ᠦᠨᠳᠦᠰᠦᠨ ᠬᠠᠤᠯᠢ ᠶᠢᠨ ᠪᠦᠯᠦᠭ ᠤᠨ ᠨᠡᠷ᠎ᠡ ᠪᠢᠰᠢ ᠪᠤᠢ︖ | ᠬᠠᠷᠢᠭᠤᠯᠲᠠ᠄ ᠤᠯᠤᠰ ᠤᠨ ᠦᠨᠳᠦᠰᠦᠨ ᠪᠠᠶᠢᠭᠤᠯᠤᠯ᠃ | 9᠂ ᠦᠨᠳᠦᠰᠦᠨ ᠬᠠᠤᠯᠢ ᠶᠢ ᠦᠨᠳᠦᠰᠦᠯᠡᠪᠡᠯ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ | ᠢᠷᠭᠡᠨ ᠱᠠᠰᠢᠨ ᠰᠢᠲᠦᠯᠭᠡ ᠶᠢᠨ ᠡᠷᠬᠡ ᠴᠢᠯᠦᠭᠡ ᠲᠠᠢ ᠤᠤ ᠦᠭᠡᠢ ᠤᠤ︖ | ᠬᠠᠷᠢᠭᠤᠯᠲᠠ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠱᠠᠰᠢᠨ | ᠰᠢᠲᠦᠯᠭᠡ ᠶᠢᠨ ᠡᠷᠬᠡ ᠴᠢᠯᠦᠭᠡ ᠲᠠᠢ᠃ | 10᠂ ᠬᠡᠨ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠡᠷᠬᠡ ᠲᠠᠢ ᠪᠤᠢ︖ | ᠬᠠᠷᠢᠭᠤᠯᠲᠠ᠄ ᠤᠯᠤᠰ ᠤᠨ ᠬᠠᠤᠯᠢ ᠲᠣᠭᠲᠠᠭᠠᠬᠤ ᠪᠠᠶᠢᠭᠤᠯᠭ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |