﹇ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠡᠭᠦᠳᠦᠨ ᠪᠠᠶᠢᠭᠤᠯᠤᠶ᠎ᠠ﹈ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠪᠡᠯ ᠵᠣᠬᠢᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠠᠷᠪᠠᠳᠤᠭᠠᠷ ᠬᠤᠭᠤᠴᠠᠭ᠎ᠠ
ᠨᠡᠶᠢᠲᠡᠯᠡᠭᠰᠡᠨ ᠴᠠᠭ᠄
2023/5/31
      ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠠᠷᠪᠠᠳᠤᠭᠠᠷ ᠬᠤᠭᠤᠴᠠᠭ᠎ᠠ      1᠂ ᠵᠠᠰᠠᠭ ᠵᠠᠬᠢᠷᠭᠠᠨ ᠤ ᠪᠠᠶᠢᠭᠤᠯᠭ᠎ᠠ ᠶᠠᠮᠠᠷ ᠵᠠᠩᠭᠢᠯᠠᠭ᠎ᠠ ᠶᠢᠨ ᠴᠡᠭ ᠲᠤ ᠲᠤᠬᠠᠢ ᠶᠢᠨ ᠬᠥᠮᠥᠨ ᠳᠤ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠭᠰᠠᠨ ᠪᠣᠳᠠᠲᠤ ᠬᠡᠷᠡᠭ᠂ ᠤᠴᠢᠷ ᠰᠢᠯᠲᠠᠭᠠᠨ ᠵᠢᠴᠢ ᠦᠨᠳᠦᠰᠦ ᠪᠠᠷᠢᠮᠲᠠ ᠶᠢ ᠬᠡᠯᠡᠵᠦ ᠥᠭᠬᠦ ᠶᠢᠨ ᠬᠠᠮᠲᠤ ᠲᠤᠬᠠᠢ ᠶᠢᠨ ᠬᠥᠮᠥᠨ ᠳᠤ ᠬᠠᠤᠯᠢ ᠶᠣᠰᠣᠭᠠᠷ ᠡᠳ᠋ᠯᠡᠬᠦ ᠡᠷᠬᠡ ᠶᠢ ᠬᠡᠯᠡᠵᠦ ᠥᠭᠬᠦ ᠬᠡᠷᠡᠭᠲᠡᠢ ᠪᠤᠢ︖      ᠬᠠᠷᠢᠭᠤᠯᠲᠠ᠄ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠬᠤ ᠠᠴᠠ ᠡᠮᠦᠨ᠎ᠡ᠃      2᠂ ᠶᠠᠮᠠᠷ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠢ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠢ ᠪᠤᠢ︖      ᠬᠠᠷᠢᠭᠤᠯᠲᠠ᠄ ᠵᠣᠬᠢᠬᠤ ᠨᠡᠶᠢᠭᠡᠮ ᠤᠨ ᠨᠥᠯᠥᠭᠡ ᠲᠠᠢ᠃      3᠂ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠬᠤ ᠦᠶ᠎ᠡ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠥᠪ ᠪᠤᠰᠤ ᠬᠢᠳᠡᠯ ᠨᠢ ᠶᠠᠭᠤ ᠪᠤᠢ︖      ᠬᠠᠷᠢᠭᠤᠯᠲᠠ᠄ ᠲᠤᠬᠠᠢ ᠶᠢᠨ ᠬᠥᠮᠥᠨ ᠤ ᠳᠤᠷᠠᠳᠤᠭᠰᠠᠨ ᠪᠣᠳᠠᠲᠤ ᠶᠠᠪᠤᠳᠠᠯ᠂ ᠤᠴᠢᠷ ᠰᠢᠯᠲᠠᠭᠠᠨ ᠪᠤᠶᠤ ᠭᠡᠷᠡᠴᠢ ᠪᠠᠷᠢᠮᠲᠠ ᠨᠢ ᠲᠣᠭᠲᠠᠵᠤ ᠴᠢᠳᠠᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠦᠯᠢᠶᠡᠨ ᠠᠪᠴᠤ ᠬᠡᠷᠡᠭᠯᠡᠵᠦ ᠪᠣᠯᠣᠨ᠎ᠠ᠃      4᠂ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠠᠴᠠ ᠪᠠᠶᠢᠴᠠᠭᠠᠭᠰᠠᠨ ᠦᠷ᠎ᠡ ᠳ᠋ᠦᠩ ᠢ ᠬᠢᠨᠠᠨ ᠪᠠᠶᠢᠴᠠᠭᠠᠵᠤ᠂ ᠠᠳᠠᠯᠢ ᠪᠤᠰᠤ ᠪᠠᠶᠢᠳᠠᠯ ᠢ ᠦᠨᠳᠦᠰᠦᠯᠡᠨ ᠲᠤᠰ ᠲᠤᠰ ᠲᠣᠭᠲᠠᠭᠠᠯ ᠭᠠᠷᠭᠠᠬᠤ ᠬᠡᠷᠡᠭᠲᠡᠢ᠂ ᠲᠡᠭᠦᠨ ᠤ ᠳᠣᠲᠣᠷᠠᠬᠢ ᠵᠥᠪ ᠪᠤᠰᠤ ᠲᠣᠭᠲᠠᠭᠠᠯ ᠨᠢ ᠶᠠᠭᠤ ᠪᠤᠶ︖ ᡼      ᠬᠠᠷᠢᠭᠤᠯᠲᠠ᠄ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠬᠥᠩᠭᠡᠪᠲᠦᠷ ᠪᠠᠶᠢᠪᠠᠯ ᠴᠥᠮ ᠵᠠᠰᠠᠭ ᠵᠠᠬᠢᠷᠭᠠᠨ ᠤ ᠰᠢᠳᠬᠡᠯ ᠥᠭᠬᠦ ᠦᠭᠡᠢ᠃      5᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠬᠤ ᠪᠠᠶᠢᠭᠤᠯᠤᠯᠭ᠎ᠠ ᠠᠴᠠ ᠠᠪᠴᠤ ᠦᠵᠡᠪᠡᠯ᠂ ᠮᠠᠨ ᠤ ᠤᠯᠤᠰ ᠠᠯᠢ ᠪᠠᠶᠢᠭᠤᠯᠤᠯᠭ᠎ᠠ ᠶᠢᠨ ᠦᠨᠳᠦᠰᠦᠨ ᠬᠠᠤᠯᠢ ᠶᠢᠨ ᠪᠠᠲᠤᠯᠠᠭ᠎ᠠ ᠶᠢ ᠬᠡᠷᠡᠭᠵᠢᠭᠦᠯᠬᠦ ᠵᠠᠭᠪᠤᠷ ᠲᠤ ᠬᠠᠷᠢᠶᠠᠯᠠᠭᠳᠠᠬᠤ ᠪᠤᠢ︖      ᠬᠠᠷᠢᠭᠤᠯᠲᠠ᠄ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠦᠨ᠃      6᠂ ᠵᠠᠰᠠᠭ ᠵᠠᠬᠢᠷᠭᠠᠨ ᠤ ᠰᠢᠳᠬᠡᠯ ᠳᠠᠬᠢ ᠨᠢᠭᠡ ᠬᠡᠷᠡᠭ ᠢ ᠳᠠᠭᠢᠵᠤ ᠰᠢᠳᠬᠡᠬᠦ ᠦᠭᠡᠢ ᠵᠠᠷᠴᠢᠮ ᠤᠨ ᠲᠤᠬᠠᠢ ᠬᠡᠯᠡᠯᠭᠡ ᠶᠢᠨ ᠵᠥᠪ ᠨᠢ︖      ᠬᠠᠷᠢᠭᠤᠯᠲᠠ᠄ ᠲᠤᠬᠠᠢ ᠶᠢᠨ ᠬᠥᠮᠥᠨ ᠤ ᠠᠳᠠᠯᠢ ᠨᠢᠭᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠭᠯᠡᠭᠦᠯᠦᠨ᠂ ᠬᠤᠶᠠᠷ ᠤᠳᠠᠭ᠎ᠠ ᠪᠤᠶᠤ ᠬᠤᠶᠠᠷ ᠠᠴᠠ ᠳᠡᠭᠡᠭᠰᠢ ᠤᠳᠠᠭ᠎ᠠ ᠶᠢᠨ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠳᠬᠡᠯ ᠥᠭᠴᠦ ᠪᠣᠯᠬᠤ ᠦᠭᠡᠢ᠃      7᠂ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ ᠲᠤᠬᠠᠢ ᠬᠡᠯᠡᠯᠭᠡ ᠨᠢ ᠵᠥᠪ ᠨᠢ︖      ᠬᠠᠷᠢᠭᠤᠯᠲᠠ᠄ ᠪᠠᠩᠬᠢ ᠲᠣᠷᠭᠠᠭᠤᠯᠢ ᠶᠢᠨ ᠵᠣᠭᠤᠰ ᠢ ᠬᠦᠯᠢᠶᠡᠨ ᠠᠪᠤᠭᠰᠠᠨ ᠤ ᠳᠠᠷᠠᠭ᠎ᠠ ᠲᠣᠷᠭᠠᠭᠤᠯᠢ ᠶᠢᠨ ᠵᠣᠭᠤᠰ ᠢ ᠰᠢᠭᠤᠳ ᠤᠯᠤᠰ ᠤᠨ ᠰᠠᠩ ᠳᠤ ᠲᠤᠰᠢᠶᠠᠬᠤ ᠬᠡᠷᠡᠭᠲᠡᠢ᠃      8᠂ ᠵᠠᠰᠠᠭ ᠵᠠᠬᠢᠷᠭᠠᠨ ᠤ ᠰᠢᠳᠬᠡᠯ ᠢ ᠬᠦᠯᠢᠶᠡᠬᠦ ᠦᠭᠡᠢ ᠪᠣᠯ᠂ ᠲᠤᠬᠠᠢ ᠶᠢᠨ ᠬᠥᠮᠥᠨ ᠨᠢ ᠬᠠᠤᠯᠢ ᠶᠣᠰᠣᠭᠠᠷ ᠶᠠᠮᠠᠷ ᠭᠤᠶᠤᠴᠢᠯᠠᠬᠤ ᠡᠷᠬᠡ ᠲᠠᠢ ᠪᠤᠢ︖      ᠬᠠᠷᠢᠭᠤᠯᠲᠠ᠄ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ᠃      9᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠭᠡᠢ ᠪᠠᠶᠢᠳᠠᠯ ᠳᠤ ᠶᠠᠭᠤ ᠶᠠᠭᠤ ᠪᠠᠭᠲᠠᠬᠤ ᠪᠣᠶ︖      ᠬᠠᠷᠢᠭᠤᠯᠲᠠ᠄ 1᠂ ᠬᠠᠤᠯᠢ ᠶᠣᠰᠣᠭᠠᠷ ᠤᠯᠤᠰ ᠤᠨ ᠨᠢᠭᠤᠴᠠ ᠭᠡᠵᠦ ᠲᠣᠭᠲᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠢᠯᠡ ᠪᠣᠯᠭᠠᠬᠤ ᠶᠢ ᠴᠠᠭᠠᠵᠠᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠵᠢᠴᠢ ᠢᠯᠡ ᠪᠣᠯᠭᠠᠭᠰᠠᠨ ᠤ ᠳᠠᠷᠠᠭ᠎ᠠ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠠᠶᠤᠯ ᠤᠴᠠᠷᠠᠭᠤᠯᠵᠤ ᠮᠡᠳᠡᠬᠦ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠦᠭᠡᠢ᠃ 2᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠵᠡᠷᠭᠡ ᠳᠤ ᠬᠤᠯᠪᠣᠭᠳᠠᠪᠠᠯ ᠭᠤᠷᠪᠠᠳᠠᠭᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠪᠠᠶᠢᠭᠤᠯᠭ᠎ᠠ ᠢᠯᠡ ᠪᠣᠯᠭᠠᠵᠤ ᠪᠣᠯᠬᠤ ᠦᠭᠡᠢ᠃ ᠭᠡᠪᠡᠴᠦ ᠭᠤᠷᠪᠠᠳᠠᠭᠢ ᠡᠲᠡᠭᠡᠳ ᠠᠴᠠ ᠢᠯᠡ ᠪᠣᠯᠭᠠᠬᠤ ᠶᠢ ᠵᠥᠪᠰᠢᠶᠡᠷᠡᠭᠰᠡᠨ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠣᠯᠭᠠᠬᠤ ᠦᠭᠡᠢ ᠪᠣᠯ ᠣᠯᠠᠨ ᠨᠡᠶᠢᠲᠡ ᠶᠢᠨ ᠠᠰᠢᠭ ᠲᠤᠰᠠ ᠳᠤ ᠴᠢᠬᠤᠯᠠ ᠶᠡᠭᠡ ᠨᠥᠯᠥᠭᠡ ᠤᠴᠠᠷᠠᠭᠤᠯᠤᠨ᠎ᠠ ᠭᠡᠵᠦ ᠦᠵᠡᠪᠡᠯ᠂ ᠢᠯᠡ ᠪᠣᠯᠭᠠᠨ᠎ᠠ᠃ 3᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠳᠣᠲᠣᠭᠠᠳᠤ ᠶᠢᠨ ᠠᠵᠢᠯ ᠤᠨ ᠶᠠᠪᠤᠴᠠ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠪᠠᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠣᠲᠣᠭᠠᠳᠤ ᠶᠢᠨ ᠬᠡᠷᠡᠭ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠦᠭᠡᠢ ᠪᠠᠶᠢᠵᠤ ᠪᠣᠯᠣᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠠᠪᠤᠴᠠ ᠳᠤ ᠪᠣᠢ ᠪᠣᠯᠤᠭᠰᠠᠨ ᠶᠠᠷᠢᠯᠴᠠᠭᠰᠠᠨ ᠲᠡᠮᠳᠡᠭᠯᠡᠯ᠂ ᠶᠠᠪᠤᠴᠠ ᠶᠢᠨ ᠨᠣᠣᠷᠠᠭ᠂ ᠵᠥᠪᠳᠡᠯᠴᠡᠭᠰᠡᠨ ᠵᠠᠬᠢᠳᠠᠯ᠂ ᠵᠢᠭᠠᠪᠤᠷᠢ ᠠᠪᠤᠭᠰᠠᠨ ᠮᠡᠳᠡᠭᠦᠯᠦᠯᠲᠡ ᠵᠡᠷᠭᠡ ᠶᠠᠪᠤᠴᠠ ᠶᠢᠨ ᠴᠢᠨᠠᠷᠲᠠᠢ ᠮᠡᠳᠡᠭᠡ ᠵᠠᠩᠭᠢ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠦᠭᠡᠢ ᠪᠠᠶᠢᠵᠤ ᠪᠣᠯᠣᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠢ ᠭᠡᠵᠦ ᠲᠣᠭᠲᠠᠭᠠᠭᠰᠠᠨ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      10᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠠᠶᠢᠳᠠᠯ ᠳᠤ ᠶᠠᠭᠤ ᠶᠠᠭᠤ ᠪᠠᠭᠲᠠᠬᠤ ᠪᠤᠶ︖᡼      ᠬᠠᠷᠢᠭᠤᠯᠲᠠ᠄      1᠂ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠭᠦᠢᠴᠡᠳᠬᠡᠬᠦ ᠦᠭᠡᠢ ᡽      2᠂ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠪᠣᠯᠣᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠢ ᠴᠠᠭ ᠲᠤᠬᠠᠢ ᠳᠤᠨᠢ ᠰᠢᠨᠡᠳᠬᠡᠬᠦ ᠦᠭᠡᠢ ᠪᠠᠶᠢᠬᠤ ᡽      3᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1