ᠲᠣᠭᠲᠠᠬᠤ ᠰᠢᠶᠠᠨ᠄ ᠵᠢᠭᠠᠰᠤᠨ ᠴᠥᠭᠦᠷᠥᠮ ᠢᠶᠠᠷ ᠪᠠᠶᠠᠵᠢᠯ ᠤᠨ ᠵᠠᠮ ᠢ ᠨᠡᠭᠡᠭᠡᠬᠦ ᠰᠢᠨ᠎ᠡ ᠲᠥᠰᠥᠪᠯᠡᠯ
ᠨᠡᠶᠢᠲᠡᠯᠡᠭᠰᠡᠨ ᠴᠠᠭ᠄
2023/5/31
      ︽ᠣᠳᠣᠬᠠᠨ ᠳᠤ ᠪᠢᠳᠡ ᠨᠢᠭᠡᠨᠲᠡ 2 ᠵᠢᠭᠠᠰᠤᠨ ᠴᠥᠭᠦᠷᠥᠮ ᠪᠠᠶᠢᠭᠤᠯᠵᠤ᠂  261 ᠮᠧᠲᠷ ᠤᠨ ᠵᠤᠭᠠᠴᠠᠯ ᠤᠨ ᠬᠥᠭᠦᠷᠭᠡᠨ ᠵᠠᠮ ᠵᠢᠴᠢ 720 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠥᠩᠭᠡᠷᠡᠭᠰᠡᠨ ᠤ ᠬᠡᠰᠡᠭ ᠪᠤᠰᠠᠭ ᠤᠰᠤᠨ ᠴᠥᠭᠦᠷᠥᠮ ᠢ ᠴᠥᠮ ᠠᠵᠤ ᠠᠬᠤᠢ ᠶᠢᠨ ᠦᠷ᠎ᠡ ᠠᠰᠢᠭ ᠣᠯᠬᠤ ᠵᠢᠭᠠᠰᠤᠨ ᠴᠥᠭᠦᠷᠥᠮ ᠪᠣᠯᠭᠠᠨ ᠥᠭᠡᠷᠡᠴᠢᠯᠡᠨ ᠪᠠᠶᠢᠭᠤᠯᠪᠠ︾ ᠭᠡᠵᠦ ᠥᠪᠥᠷ ᠮᠣᠩᠭᠤᠯ ᠤᠨ ᠬᠥᠬᠡᠬᠤᠲᠠ ᠶᠢᠨ ᠲᠣᠭᠲᠠᠬᠤ ᠰᠢᠶᠠᠨ ᠤ ᠦᠱᠧᠨ ᠪᠠᠯᠭᠠᠰᠤᠨ ᠤ ᠨᠠᠶᠢᠵᠠ ᠭᠡᠷ ᠲᠣᠰᠬᠤᠨ ᠤ ᠨᠠᠮ ᠤᠨ ᠡᠭᠦᠷ ᠤᠨ ᠱᠦᠵᠢ ᠮᠠ ᠡᠩᠬᠡ ᠬᠡᠯᠡᠪᠡ᠃       ᠦᠱᠸᠡᠨ ᠪᠠᠯᠭᠠᠰᠤᠨ ᠤ ᠨᠠᠶᠢᠵᠠ ᠭᠡᠷ ᠭᠠᠴᠠᠭᠠᠨ ᠳᠤ ᠦᠨᠳᠦᠰᠦᠨ ᠲᠠᠷᠢᠶᠠᠨ ᠭᠠᠵᠠᠷ ᠠᠴᠠ ᠭᠠᠳᠠᠨ᠎ᠠ ᠮᠠᠰᠢ ᠤᠯᠠᠨ ᠬᠤᠵᠢᠷᠯᠢᠭ ᠭᠠᠵᠠᠷ᠂ ᠬᠤᠲᠣᠭᠤᠷ ᠭᠠᠵᠠᠷ ᠪᠠ ᠴᠥᠭᠦᠷᠥᠮ ᠪᠠᠶᠢᠳᠠᠭ᠂ ᠭᠠᠴᠠᠭᠠᠨ ᠤ ᠠᠷᠠᠳ ᠡᠩ ᠤᠨ ᠲᠠᠷᠢᠮᠠᠯ ᠤᠨ ᠦᠢᠯᠡᠰ ᠢ ᠬᠥᠭᠵᠢᠭᠦᠯᠬᠦ ᠪᠠᠷ ᠭᠤᠣᠯ ᠪᠣᠯᠭᠠᠵᠤ᠂ ᠬᠤᠲᠣᠭᠤᠷ ᠭᠠᠵᠠᠷ ᠪᠠ ᠴᠥᠭᠦᠷᠥᠮ ᠤᠨ ᠠᠰᠢᠭᠯᠠᠯᠲᠠ ᠶᠢᠨ ᠨᠤᠷᠮ᠎ᠠ ᠨᠢ ᠲᠤᠩ ᠪᠠᠭ᠎ᠠ ᠪᠠᠶᠢᠳᠠᠭ᠃ 2022 ᠣᠨ ᠳᠤ᠂ ᠨᠢᠭᠡ ᠤᠳᠠᠭ᠎ᠠ ᠶᠢᠨ ᠭᠡᠨᠡᠳᠲᠡ ᠶᠢᠨ ᠪᠣᠯᠪᠠᠰᠤᠷᠠᠯ ᠤᠨ ᠲᠣᠬᠢᠶᠠᠯ ᠢᠶᠠᠷ᠂ ᠲᠣᠰᠬᠤᠨ ᠤ ᠨᠠᠮ ᠤᠨ ᠡᠭᠦᠷ ᠤᠨ ᠱᠦᠵᠢ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢᠶᠠᠷ ᠳᠠᠮᠵᠢᠭᠤᠯᠤᠨ ᠵᠢᠭᠠᠰᠤ ᠭᠥᠬᠢᠳᠡᠬᠦ ᠵᠤᠭᠠᠴᠠᠯ ᠤᠨ ᠦᠢᠯᠡᠰ ᠢ ᠳᠠᠶᠢᠴᠢᠯᠠᠬᠤ ᠰᠢᠨ᠎ᠡ ᠬᠡᠪ ᠵᠠᠭᠪᠤᠷ ᠨᠢ ᠬᠤᠲᠣᠭᠤᠷ ᠭᠠᠵᠠᠷ᠂ ᠤᠰᠤᠨ ᠴᠥᠭᠦᠷᠥᠮ ᠤᠨ ᠠᠰᠢᠭᠯᠠᠯᠲᠠ ᠶᠢᠨ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠵᠦ ᠪᠣᠯᠬᠤ ᠶᠢ ᠣᠶᠢᠯᠠᠭᠠᠭᠤᠯᠵᠤ᠂ ᠤᠰᠤᠨ ᠴᠥᠭᠦᠷᠥᠮ ᠢ ᠥᠭᠡᠷᠡᠴᠢᠯᠡᠨ ᠪᠠᠶᠢᠭᠤᠯᠬᠤ ᠲᠤᠬᠠᠢ ᠰᠢᠨ᠎ᠡ ᠲᠥᠰᠥᠪᠯᠡᠯ ᠲᠠᠢ ᠪᠣᠯᠵᠠᠢ᠃
      ᠨᠠᠶᠢᠵᠠ ᠭᠡᠷ ᠲᠣᠰᠬᠤᠨ ᠤᠰᠤᠨ ᠴᠥᠭᠦᠷᠥᠮ ᠤᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠤᠤᠯ ᠤᠨ ᠪᠠᠶᠢᠭᠰᠠᠨ ᠲᠠᠯᠠᠪᠠᠶ ᠪᠠᠨ ᠥᠷᠭᠡᠳᠬᠡᠵᠦ᠂ ᠳᠥᠷᠪᠡᠨ ᠲᠠᠯ᠎ᠠ ᠪᠠᠷ ᠢᠶᠠᠨ ᠴᠢᠯᠠᠭᠤ ᠵᠡᠷᠭᠡᠯᠡᠵᠦ᠂ ᠨᠠᠭᠤᠷ ᠤᠨ ᠬᠥᠪᠡᠭᠡ ᠪᠠᠷ ᠬᠠᠲᠠᠭᠤᠷᠠᠭᠤᠯᠵᠤ᠂ ᠬᠦᠴᠢᠯᠲᠥ᠋ᠷᠥᠭᠴᠢ ᠨᠡᠮᠡᠬᠦ ᠮᠠᠰᠢᠨ ᠪᠠ ᠲᠡᠵᠢᠭᠡᠬᠦ ᠮᠠᠰᠢᠨ ᠵᠢᠴᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠣᠩᠭᠤᠴᠠ ᠵᠡᠷᠭᠡ ᠶᠢ ᠣᠷᠣᠭᠤᠯᠤᠨ ᠠᠪᠴᠢᠷᠠᠵᠤ᠂ ᠥᠭᠡᠷᠡᠴᠢᠯᠡᠨ ᠪᠠᠶᠢᠭᠤᠯᠤᠭᠰᠠᠨ ᠵᠢᠭᠠᠰᠤᠨ ᠴᠥᠭᠦᠷᠥᠮ ᠳᠤ 8 ᠲᠦᠮᠡᠨ ᠲᠣᠨ ᠤᠰᠤ ᠬᠠᠳᠠᠭᠠᠯᠠᠵᠤ᠂ ᠡᠯ᠎ᠡ ᠵᠦᠢᠯ ᠤᠨ ᠵᠢᠭᠠᠰᠤᠨ ᠤ ᠲᠥᠷᠥᠯ ᠢ ᠪᠠᠷᠤᠭ 1.3 ᠲᠦᠮᠡᠨ ᠰᠠᠬᠦᠯ ᠲᠡᠵᠢᠭᠡᠨ ᠦᠷᠡᠵᠢᠭᠦᠯᠵᠦ᠂ ᠵᠢᠱᠢᠯᠲᠡ ᠪᠠᠷ 30 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠦᠷ᠎ᠡ ᠠᠰᠢᠭ ᠣᠯᠬᠤ ᠪᠣᠯᠣᠨ᠎ᠠ᠃ ᠡᠭᠦᠨ ᠤ ᠬᠠᠮᠲᠤ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠲᠦᠰᠢᠭᠯᠡᠨ ᠵᠢᠭᠠᠰᠤ ᠭᠥᠬᠢᠳᠡᠬᠦ᠂ ᠵᠤᠭᠠᠴᠠᠨ ᠲᠣᠭᠤᠷᠢᠬᠤ᠂ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ︿ᠲᠠᠷᠢᠶᠠᠴᠢᠨ ᠠᠶᠢᠯ ᠤᠨ ᠵᠢᠭᠤᠯᠴᠢᠯᠠᠯ﹀ ᠤᠨ ᠵᠠᠭᠪᠤᠷ ᠢ ᠪᠣᠶ ᠪᠣᠯᠭᠠᠵᠤ᠂ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠦᠢᠯᠡᠰ ᠢ ᠤᠯᠠᠮ ᠨᠢᠭᠡ ᠠᠯᠬᠤᠮ ᠥᠷᠭᠡᠳᠬᠡᠨ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠷᠢᠶᠠᠴᠢᠳ ᠤᠨ ᠣᠷᠣᠯᠭ᠎ᠠ ᠶᠢ  ᠨᠡᠮᠡᠭᠳᠡᠭᠦᠯᠪᠡ᠃
     ᠣᠳᠣᠬᠠᠨ ᠳᠤ᠂ ᠵᠢᠭᠠᠰᠤᠨ ᠴᠥᠭᠦᠷᠥᠮ ᠢ ᠬᠤᠷᠰᠢᠶ᠎ᠠ ᠠᠴᠠ ᠡᠵᠡᠩᠨᠡᠵᠦ᠂ ᠲᠠᠷᠠᠬᠠᠢ ᠪᠤᠲᠠᠷᠬᠠᠢ ᠲᠣᠰᠬᠤᠨ ᠤ ᠠᠷᠠᠳ ᠲᠤ ᠠᠵᠢᠯ ᠣᠯᠭᠤᠬᠤ ᠶᠢᠨ ᠬᠠᠮᠲᠤ ᠪᠠᠰᠠ ᠡᠷᠬᠢᠨ ᠲᠣᠭᠤᠷᠢᠨ ᠤ ᠲᠣᠰᠬᠤᠨ ᠤ ᠠᠷᠠᠳ ᠢ ᠲᠠᠶᠢᠴᠢᠯᠠᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢ ᠬᠠᠮᠲᠤ ᠪᠠᠷ ᠬᠥᠭᠵᠢᠭᠦᠯᠵᠦ᠂ ᠨᠢᠭᠡᠳᠦᠯᠲᠡᠢ ᠴᠢᠬᠢ ᠬᠠᠩᠭᠠᠬᠤ᠂ ᠨᠢᠭᠡᠳᠦᠯᠲᠡᠢ ᠬᠤᠷᠢᠶᠠᠨ ᠠᠪᠬᠤ᠂ ᠨᠢᠭᠡᠳᠦᠯᠲᠡᠢ ᠪᠣᠷᠣᠯᠠᠭᠤᠯᠬᠤ ᠠᠷᠭ᠎ᠠ ᠮᠠᠶ᠋ᠢᠭ ᠢᠶᠠᠷ ᠡᠵᠡᠩᠨᠡᠵᠦ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠤᠨ ᠴᠢᠨᠡᠭᠡᠯᠢᠭᠵᠢᠬᠦ ᠬᠦᠰᠡᠯ ᠢ ᠪᠡᠶᠡᠯᠡᠭᠦᠯᠬᠦ ᠵᠠᠮ ᠳᠡᠭᠡᠷ᠎ᠡ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠭᠰᠠᠨ ᠪᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1