ᠲᠣᠭᠲᠠᠬᠤ ᠰᠢᠶᠠᠨ᠄ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ︽ᠰᠢᠨ᠎ᠡ ᠳᠦᠷᠢ ᠲᠥᠷᠬᠦ  ᠶᠢ ᠪᠤᠢ ᠪᠤᠯᠭᠠᠵᠦ ︿ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ﹀ ᠤ ᠰᠢᠨ᠎ᠡ ᠬᠠᠭᠤᠳᠠᠰᠤ ᠶᠢ ᠪᠢᠴᠢᠭᠯᠡᠶ᠎ᠡ︾
ᠨᠡᠶᠢᠲᠡᠯᠡᠭᠰᠡᠨ ᠴᠠᠭ᠄
2023/5/31
      ᠣᠶᠢᠷ᠎ᠠ ᠶᠢᠨ ᠡᠳᠦᠷ ᠤᠳ ᠲᠤ᠂ ᠬᠥᠬᠡᠬᠤᠲᠠ ᠶᠢᠨ ᠲᠣᠭᠲᠠᠬᠤ ᠰᠢᠶᠠᠨ ᠤ ᠬᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠠᠬᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠠᠰᠤᠷᠠᠯᠳᠡ ᠦᠭᠡᠢ ᠪᠣᠳᠠᠲᠠᠶᠢᠵᠢᠭᠤᠯᠵᠤ᠂ ︽ᠪᠦᠬᠦ ᠣᠷᠣᠨ ᠪᠦᠰᠡ ᠪᠠᠷ ᠢᠶᠠᠨ ᠴᠡᠭᠴᠡᠯᠡᠨ ᠵᠠᠰᠠᠬᠤ᠂ ᠪᠦᠬᠦ ᠠᠵᠢᠯᠲᠠᠨ ᠣᠷᠣᠯᠴᠠᠬᠤ᠂ ᠪᠦᠬᠦ ᠲᠠᠯ᠎ᠠ ᠪᠠᠷ ᠳᠡᠭᠡᠭᠰᠢᠯᠡᠭᠦᠯᠬᠦ︾ ᠠᠵᠢᠯ ᠤᠨ ᠰᠡᠳᠬᠢᠴᠡ ᠪᠠᠷ᠂ ᠡᠯ᠎ᠡ ᠱᠠᠲᠤᠨ ᠤ ᠤᠳᠤᠷᠢᠳᠤᠯᠭ᠎ᠠ ᠪᠡᠶ᠎ᠡ ᠪᠠᠷ ᠢᠶᠠᠨ ᠠᠵᠢᠯᠯᠠᠬᠤ ᠶᠢ ᠠᠬᠢᠭᠤᠯᠵᠤ᠂ ᠲᠣᠰᠬᠤᠨ ᠤ ᠠᠷᠠᠳ ᠤᠯᠠᠨ ᠢ ᠲᠠᠶᠢᠴᠢᠯᠠᠨ ᠰᠠᠨᠠᠭᠠᠴᠢᠯᠠᠭ᠎ᠠ ᠠᠴᠠ ᠪᠠᠨ ᠠᠵᠢᠯᠯᠠᠭᠤᠯᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠳᠤ ᠰᠢᠨ᠎ᠡ ᠬᠠᠭᠤᠳᠠᠰᠤ ᠶᠢ ᠵᠢᠷᠤᠭᠯᠠᠬᠤ ᠪᠠᠷ  ᠴᠢᠷᠮᠠᠶᠢᠵᠦ ᠪᠠᠶᠢᠨ᠎ᠠ᠃      ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ ︱ ᠬᠤᠤ ᠵᠢᠶᠠ ᠶᠣᠣ ᠲᠣᠰᠬᠤᠨ᠃      ᠲᠣᠭᠲᠠᠬᠤ ᠰᠢᠶᠠᠨ ᠤ  ᠲᠠᠪᠢᠨ ᠭᠡᠷ ᠪᠠᠯᠭᠠᠰᠤᠨ ᠳᠤ ᠨᠡᠶᠢᠲᠡ 15 ᠬᠥᠳᠡᠭᠡ ᠲᠣᠰᠬᠤᠨ ᠤ ᠨᠠᠮ ᠤᠨ ᠡᠭᠦᠷ ᠬᠠᠷᠢᠶᠠᠯᠠᠭᠳᠠᠵᠤ᠂ ᠡᠯ᠎ᠡ ᠨᠠᠮ ᠤᠨ ᠡᠭᠦᠷ ᠤᠨ ᠬᠢᠨ ᠰᠠᠷ᠎ᠠ ᠪᠦᠷᠢ ᠶᠢᠨ ︽ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ︾ ᠶᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠪᠣᠯᠣᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠲᠠᠢ ᠣᠷᠭᠠᠨᠢᠭ ᠢᠶᠠᠷ ᠤᠶᠠᠯᠳᠤᠭᠤᠯᠬᠤ ᠶᠢᠨ ᠬᠠᠮᠲᠤ ︽ᠪᠣᠯᠪᠠᠰᠤᠨ ᠪᠦᠯᠬᠦᠮᠳᠡᠯ ᠤᠨ ᠬᠡᠳᠦ ᠳᠡᠯᠭᠡᠭᠦᠷ︾ ᠤᠨ ᠬᠤᠪᠢ ᠬᠤᠷᠠᠮᠳᠤᠭᠤᠯᠵᠤ ᠵᠣᠭᠤᠰ ᠰᠣᠯᠢᠬᠤ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠪᠣᠯᠣᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠪᠣᠯᠪᠠᠰᠤᠨ ᠤ ᠣᠶᠢᠯᠠᠭᠠᠭᠳᠠᠬᠤᠨ ᠢ ᠨᠢ ᠳᠡᠭᠡᠭᠰᠢᠯᠡᠭᠦᠯᠵᠦ᠂ ᠠᠶᠢᠯ ᠪᠣᠯᠭᠠᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠬᠤ ᠪᠠᠶᠢᠳᠠᠯ ᠢ ᠪᠤᠢ ᠪᠣᠯᠭᠠᠬᠤ ᠶᠢ ᠠᠬᠢᠭᠤᠯᠪᠠ᠃
     ᠲᠣᠭᠲᠠᠬᠤ ᠰᠢᠶᠠᠨ ᠤ ᠭᠦ᠋ ᠴᠧᠩ ᠪᠠᠯᠭᠠᠰᠤ ᠨᠠᠮ ᠤᠨ ᠭᠡᠰᠢᠭᠦᠨ ᠤ ᠳᠠᠭᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠯᠭᠠᠰᠤᠨ ᠤ ᠺᠠᠳ᠋ᠷ᠂ ᠲᠣᠰᠬᠤᠨ ᠤ ᠺᠠᠳ᠋ᠷ᠂ ᠲᠣᠰᠬᠤᠨ ᠤ ᠳᠤᠭᠤᠶᠢᠯᠠᠩ ᠵᠢᠴᠢ ᠲᠣᠰᠬᠤᠨ ᠤ ᠠᠷᠠᠳ ᠤᠨ ᠬᠠᠷᠢᠭᠤᠴᠠᠯᠭ᠎ᠠ ᠶᠢᠨ ᠣᠷᠣᠨ ᠪᠦᠰᠡ ᠶᠢ ᠲᠣᠳᠣᠷᠬᠠᠶᠢᠯᠠᠵᠤ᠂ ᠲᠣᠣᠷᠵᠢᠭᠤᠯᠤᠭᠰᠠᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠪᠠ᠃ ᠡᠭᠦᠨ ᠤ ᠬᠠᠮᠲᠤ᠂ ᠭᠦ᠋ ᠴᠧᠩ ᠪᠠᠯᠭᠠᠰᠤ ᠶᠢᠨ ᠬᠢᠨ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠳᠤᠮᠳᠠ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ ᠠᠵᠢᠯᠯᠠᠭ᠎ᠠ ᠲᠠᠢ ᠰᠠᠭᠤᠭᠠᠯᠢ ᠠᠷᠠᠳ ᠢ ᠲᠠᠶᠢᠴᠢᠯᠠᠨ ᠪᠡᠷᠬᠡ ᠰᠡᠳᠦᠪ ᠪᠠ ᠪᠠᠭᠤᠷᠠᠢ ᠭᠤᠭᠴᠤᠭ᠎ᠠ ᠶᠢ ᠰᠢᠪᠲᠤᠯᠬᠤ ᠳᠤ᠂ ︽ᠨᠣᠭᠤᠭᠠᠨ᠂ ᠭᠡᠭᠡᠨ᠂ ᠴᠡᠪᠡᠷ᠂ ᠭᠤᠶᠣ︾ ᠪᠠᠷ ᠪᠠᠷᠢᠮᠵᠢᠶ᠎ᠠ ᠪᠣᠯᠭᠠᠵᠤ᠂ ᠬᠠᠷᠠᠯᠲᠠ ᠶᠢ ᠲᠣᠰᠬᠤᠨ ᠳᠤ ᠬᠦᠷᠲᠡᠯ᠎ᠡ᠂ ᠴᠡᠭᠴᠡᠯᠡᠨ ᠵᠠᠰᠠᠬᠤ ᠶᠢ ᠡᠷᠦᠬᠡ ᠳᠤ ᠬᠦᠷᠲᠡᠯ᠎ᠡ᠂ ᠡᠭᠦᠷᠭᠡ ᠶᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠡᠯ᠎ᠡ ᠲᠣᠰᠬᠤᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠦᠷᠢᠶ᠎ᠡ ᠬᠠᠰᠢᠶ᠎ᠠ ᠶᠢᠨ ᠳᠣᠲᠣᠷ᠎ᠠ ᠭᠠᠳᠠᠨᠠᠬᠢ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠡᠷ ᠪᠠᠶᠢᠰᠢᠩ ᠤᠨ ᠠᠷᠤ ᠥᠪᠥᠷ ᠢ ᠨᠣᠭᠤᠭᠠᠷᠠᠭᠤᠯᠤᠨ ᠭᠤᠶᠣᠵᠢᠭᠤᠯᠬᠤ ᠠᠵᠢᠯ ᠢ ᠥᠷᠨᠢᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠳᠠᠬᠢᠨ ᠳᠡᠭᠡᠭᠰᠢᠯᠡᠬᠦ ᠶᠢ ᠲᠠᠰᠤᠷᠠᠯᠲᠠ ᠦᠭᠡᠢ ᠠᠬᠢᠭᠤᠯᠤᠨ᠎ᠠ᠃
     ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤ ᠨᠢᠭᠡᠳᠦᠯᠲᠡᠢ ᠲᠥᠯᠥᠪᠯᠡᠨ ᠬᠠᠮᠵᠢᠯᠴᠠᠬᠤ ᠶᠢ ᠳᠣᠪᠤᠶᠢᠯᠭᠠᠵᠤ ᠂ 23 ᠰᠢᠶᠠᠨ ᠤ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠠᠵᠢᠯᠲᠠᠨ ᠢ ᠲᠣᠰᠬᠤᠨ ᠳᠤ ᠪᠠᠭᠤᠯᠭᠠᠵᠤ ᠂ ᠵᠠᠯᠭᠠᠯᠳᠤᠭᠰᠠᠨ ᠲᠣᠭᠤᠷᠢᠭ ᠤᠨ ᠬᠠᠷᠢᠭᠤᠴᠠᠯᠭ᠎ᠠ ᠶᠢᠨ ᠳᠦᠷᠢᠮ ᠤᠨ ᠶᠣᠰᠣᠭᠠᠷ᠂ ᠪᠡᠶ᠎ᠡ ᠪᠠᠷ ᠢᠶᠠᠨ ᠠᠳᠬᠤᠵᠤ᠂ ᠪᠣᠳᠠᠲᠠᠢ ᠠᠳᠬᠤᠬᠤ ᠶᠢᠨ ᠬᠠᠮᠲᠤ᠂ ᠪᠠᠯᠭᠠᠰᠤ ᠲᠣᠰᠬᠤᠨ ᠤ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠂ ᠲᠣᠰᠬᠤᠨ ᠤ ᠠᠷᠠᠳ ᠢ ᠬᠠᠮᠲᠤ ᠳᠤᠨᠢ ᠣᠷᠣᠯᠴᠠᠭᠤᠯᠵᠤ᠂ ᠵᠠᠮ ᠤᠨ ᠬᠠᠵᠠᠭᠤ ᠳᠠᠬᠢ ᠡᠯᠳᠡᠪ ᠪᠣᠳᠠᠰ ᠪᠤᠵᠠᠷ ᠡᠪᠡᠰᠦ ᠶᠢ ᠠᠷᠢᠯᠭᠠᠬᠤ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠰᠡᠯᠪᠢᠨ ᠵᠠᠰᠠᠬᠤ᠂ ᠨᠥᠬᠦᠵᠦ ᠤᠷᠭᠤᠭᠤᠯᠬᠤ ᠪᠠ ᠨᠣᠭᠤᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠴᠡᠪᠡᠷ᠂ ᠲᠡᠭᠰᠢ᠂ ᠭᠤᠶᠣ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠨ᠎ᠠ᠃
     ᠣᠳᠣᠬᠠᠨ ᠳᠤ᠂ ᠲᠣᠭᠲᠠᠬᠤ ᠰᠢᠶᠠᠨ ᠤ ᠡᠯ᠎ᠡ ᠲᠣᠰᠬᠤᠨ ᠤ ᠬᠢᠨ ᠴᠥᠮ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠢᠭᠡᠨ ᠢᠵᠢ ᠦᠨᠡᠨ ᠬᠦ ᠬᠡᠷᠡᠭᠵᠢᠭᠦᠯᠵᠦ ᠪᠣᠯᠬᠤᠶᠢᠴᠠ ᠪᠦᠲᠦᠮᠵᠢᠲᠡᠢ ᠠᠷᠭ᠎ᠠ ᠶᠢ ᠰᠦᠪᠡᠭᠴᠢᠯᠡᠨ ᠭᠠᠷᠭᠠᠭᠰᠠᠨ ᠪᠠᠶᠢᠨ᠎ᠠ᠃ ᠯᠢᠦ ᠵᠢᠶᠠ ᠶᠣᠣ ᠭᠠᠴᠠᠭᠠᠨ ᠤ ᠬᠢᠨ ᠭᠠᠴᠠᠭᠠᠨ ᠤ ᠠᠷᠠᠳ ᠤᠨ ᠥᠪᠡᠷ ᠢᠶᠠᠨ ᠴᠤᠭᠯᠠᠭᠤᠯᠬᠤ᠂ ᠭᠠᠴᠠᠭᠠᠨ ᠤ ᠠᠷᠠᠳ ᠤᠨ ᠵᠥᠪᠯᠡᠯ ᠠᠴᠠ ᠨᠥᠬᠦᠪᠦᠷᠢ ᠥᠭᠬᠦ ᠠᠷᠭ᠎ᠠ ᠪᠠᠷ ᠭᠠᠴᠠᠭᠠᠨ ᠤ ᠠᠷᠠᠳ ᠲᠤ ᠡᠷᠦᠬᠡ ᠶᠢᠨ ᠳᠣᠲᠣᠷᠠᠬᠢ 57 ᠠᠷᠢᠭᠤᠨ ᠴᠡᠪᠡᠷ ᠤᠨ ᠲᠡᠷᠭᠡ ᠶᠢ ᠴᠤᠭᠯᠠᠭᠤᠯᠤᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠬᠦ ᠶᠢ ᠲᠤᠶᠢᠯᠪᠤᠷᠢᠲᠠᠢ ᠪᠡᠶᠡᠯᠡᠭᠦᠯᠵᠦ᠂ ᠭᠠᠴᠠᠭᠠᠨ ᠤ ᠠᠷᠠᠳ ᠤᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠬᠠᠶᠠᠬᠤ ᠮᠠᠭᠤ ᠳᠠᠳᠬᠠᠯ ᠢ ᠥᠭᠡᠷᠡᠴᠢᠯᠡᠵᠡᠢ᠃ ᠳ᠋ᠠ ᠪᠧᠢ ᠶᠣᠣ ᠲᠣᠰᠬᠤᠨ ᠤ ᠬᠢᠨ ᠲᠤᠬᠠᠢ ᠶᠢᠨ ᠭᠠᠵᠠᠷ ᠤᠨ ᠠᠵᠤ ᠠᠬᠤᠶᠢᠯᠠᠯ ᠲᠠᠢ ᠬᠠᠮᠲᠤᠷᠠᠯᠴᠠᠵᠤ᠂ ᠠᠵᠤ ᠠᠬᠤᠶᠢᠯᠠᠯ ᠢ ᠳᠠᠶᠢᠴᠢᠯᠠᠨ ᠮᠠᠰᠢᠨ ᠲᠡᠷᠭᠡ᠂ ᠮᠠᠰᠢᠨ ᠵᠡᠷᠭᠡ ᠶᠢ ᠵᠢᠭᠡᠯᠡᠭᠦᠯᠦᠨ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠳᠡᠮᠵᠢᠭᠦᠯᠪᠡ᠃ ᠰᠢᠷ᠎ᠠ ᠤᠰᠦ ᠭᠤᠤ ᠲᠣᠰᠬᠤᠨ ᠤ  ᠬᠢᠨ ᠪᠠᠶᠢᠩᠭᠤᠵᠢᠭᠰᠠᠨ ᠠᠷᠢᠭᠤᠨ ᠴᠡᠪᠡᠷ ᠠᠷᠢᠭᠤᠨ ᠴᠡᠪᠡᠷ  ᠢ ᠬᠠᠮᠠᠭᠠᠯᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ᠂ ᠰᠦᠯᠵᠢᠶᠡᠨ ᠤ ᠲᠠᠰᠤᠯᠤᠭᠴᠢ ᠶᠢ ᠲᠣᠬᠢᠷᠠᠭᠤᠯᠵᠤ ᠪᠠᠶᠢᠭᠠᠳ ᠡᠷᠡᠭᠦᠯ ᠬᠠᠮᠠᠭᠠᠯᠠᠯ ᠤᠨ ᠬᠢᠨᠠᠨ ᠵᠢᠯᠤᠭᠤᠳᠬᠤ ᠠᠩᠭᠢ ᠪᠠᠶᠢᠭᠤᠯᠵᠤ᠂ ᠲᠣᠰᠬᠤᠨ ᠤ ᠠᠷᠠᠳ ᠤᠨ ᠬᠤᠭ ᠨᠣᠪᠰᠢ ᠶᠢ ᠳᠤᠷ᠎ᠠ ᠪᠠᠷ ᠬᠠᠶᠠᠬᠤ ᠵᠡᠷᠭᠡ ᠪᠣᠯᠪᠠᠰᠤᠨ ᠪᠤᠰᠤ ᠠᠵᠢᠯᠯᠠᠭ᠎ᠠ ᠶᠢ ᠴᠠᠭ ᠲᠤᠬᠠᠢ ᠳᠤᠨᠢ ᠢᠳᠬᠠᠵᠤ᠂ ᠲᠣᠰᠬᠤᠨ ᠤ ᠠᠷᠠᠳ ᠢ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠬᠤ ᠪᠠᠷ ᠬᠥᠲᠥᠯᠥᠨ ᠵᠢᠯᠣᠭᠤᠳᠪᠠ᠃      ᠲᠣᠭᠲᠠᠬᠤ ᠰᠢᠶᠠᠨ ᠤ ᠬᠢᠨ ᠴᠡᠭ ᠪᠣᠯᠣᠨ ᠨᠡᠶᠢᠳᠡᠮ ᠢ ᠤᠶᠠᠯᠳᠤᠭᠤᠯᠤᠭᠰᠠᠨ᠂ ᠭᠤᠣᠯᠳᠠᠯᠭ᠎ᠠ ᠶᠢ ᠲᠤᠪᠤᠶᠢᠯᠭᠠᠬᠰᠠᠨ᠂ ᠳᠡᠰ ᠳᠠᠪᠬᠤᠷᠭ᠎ᠠ ᠶᠢ ᠲᠣᠳᠣᠷᠬᠠᠢ ᠪᠣᠯᠭᠠᠭᠰᠠᠨ ᠪᠠᠶᠢᠩᠭᠤᠵᠢᠭᠰᠠᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠤ᠂ ︽ᠨᠠᠮ ᠤᠨ ᠡᠭᠦᠷ ᠳᠠᠭᠠᠭᠤᠯᠬᠤ᠂ ᠨᠠᠮ ᠤᠨ ᠭᠡᠰᠢᠭᠦᠨ ᠲᠦᠷᠦᠭᠦᠯᠡᠬᠦ᠂ ᠤᠯᠠᠨ ᠲᠦᠮᠡᠨ ᠣᠷᠣᠯᠴᠠᠬᠤ︾ ᠬᠠᠮᠲᠤᠪᠠᠷ ᠵᠠᠰᠠᠬᠤ ᠪᠠᠶᠢᠷᠢᠰᠢᠯ ᠢ ᠪᠠᠶᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠳᠠᠭᠠᠭᠤᠯᠤᠨ ᠪᠦᠬᠦ ᠰᠢᠶᠠᠨ ᠤ ᠡᠯ᠎ᠡ ᠲᠣᠰᠬᠤᠨ ᠤ ᠵᠢᠩᠬᠢᠨᠢ ︽ᠴᠡᠪᠡᠷ︾ ︽ᠭᠤᠶᠤ︾ ᠪᠣᠯᠬᠤ ᠶᠢ ᠬᠠᠮᠲᠤᠪᠠᠷ ᠠᠬᠢᠭᠤᠯᠤᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1