ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ —ᠡᠷᠬᠡᠪᠰᠢ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/5/31
      ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠠᠴᠠ ︽ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠠᠭᠤᠰᠤᠯᠴᠠᠭ᠎ᠠ ᠶᠢ ᠡᠷᠬᠡᠪᠰᠢ ᠠᠬᠢᠭᠤᠯᠬᠤ ᠬᠡᠷᠡᠭᠲᠡᠢ︾ ᠭᠡᠳᠡᠭ ᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠴᠢᠬᠤᠯᠠ ᠠᠭᠤᠯᠭ᠎ᠠ ᠶᠢᠨ ᠨᠢᠭᠡ ᠪᠣᠯᠭᠠᠵᠤ᠂ ᠡᠨᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠵᠠᠮ ᠮᠥᠨ ᠭᠡᠵᠦ ᠴᠢᠬᠤᠯᠠᠴᠢᠯᠠᠪᠠ᠃ ᠡᠨᠡ ᠬᠦ ᠴᠢᠬᠤᠯᠠ ᠨᠤᠲᠠᠯᠠᠯᠲᠠ ᠨᠢ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠢᠯᠡᠷᠡᠭᠦᠯᠵᠦ᠂ ᠮᠠᠨ ᠤ ᠤᠯᠤᠰ ᠤᠨ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭᠠᠨ ᠤ ᠬᠥᠭᠵᠢᠯᠲᠡ ᠶᠢᠨ ᠬᠠᠨᠳᠤᠰᠢ ᠶᠢ ᠵᠢᠭᠠᠨ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ᠃      ᠳᠤᠮᠳᠠᠳᠤ ᠤᠯᠤᠰ ᠤᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠠᠭᠤᠰᠤᠯᠴᠠᠨ ᠨᠡᠶᠢᠯᠡᠭᠡᠳ ᠤᠯᠠᠨ ᠡᠰᠢᠲᠦ ᠨᠢᠭᠡ ᠴᠣᠭᠴᠠᠵᠢᠭᠰᠠᠨ ᠳᠤᠮᠳᠠᠳᠤ ᠶᠢᠨ ᠦᠨᠳᠦᠰᠦᠲᠡᠨ ᠪᠣᠯᠤᠭᠰᠠᠨ ᠲᠡᠦᠬᠡ ᠪᠣᠯᠣᠨ᠎ᠠ᠃ ᠮᠠᠨ ᠤ ᠤᠯᠤᠰ ᠤᠨ ᠲᠡᠦᠬᠡ ᠶᠢᠨ ᠬᠤᠪᠢᠰᠤᠯᠲᠠ ᠶᠢᠨ ᠡᠨᠡ ᠬᠦ ᠣᠨᠴᠠᠯᠢᠭ ᠨᠢ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠲᠠᠷᠬᠠᠯᠲᠠ ᠶᠢᠨ ᠲᠠᠯ᠎ᠠ ᠪᠠᠷ ᠰᠣᠯᠪᠢᠴᠠᠨ ᠬᠤᠯᠢᠯᠳᠤᠨ ᠰᠠᠭᠤᠷᠢᠰᠢᠵᠤ᠂ ᠰᠣᠶᠣᠯ ᠤᠨ ᠲᠠᠯ᠎ᠠ ᠪᠠᠷ ᠪᠥᠬᠦᠳᠡ ᠶᠢ ᠬᠠᠮᠤᠷᠴᠤ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠳᠣᠲᠣᠨᠣ ᠪᠠᠶᠢᠬᠤ ᠶᠢ ᠪᠣᠢ ᠪᠣᠯᠭᠠᠵᠤ᠂ ᠡᠴᠦᠰ ᠲᠡᠭᠡᠨ ᠴᠢᠨᠦ ᠳᠣᠲᠣᠷ᠎ᠠ ᠪᠢ ᠪᠠᠶᠢᠬᠤ᠂ ᠮᠢᠨᠤ ᠳᠣᠲᠣᠷ᠎ᠠ ᠴᠢ ᠪᠠᠶᠢᠬᠤ᠂ ᠬᠡᠨ ᠨᠢ ᠬᠡᠨ ᠠᠴᠠ ᠪᠠᠨ ᠰᠠᠯᠵᠤ ᠴᠢᠳᠠᠬᠤ ᠦᠭᠡᠢ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠶᠢᠨ ᠪᠠᠶᠢᠷᠢᠰᠢᠯ ᠢ ᠪᠣᠢ ᠪᠣᠯᠭᠠᠭᠰᠠᠨ ᠪᠠᠶᠢᠨ᠎ᠠ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠳᠤ᠂ ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ ᠶᠢ ᠤᠯᠤᠰ ᠢᠶᠠᠨ ᠲᠣᠭᠲᠠᠨᠢᠭᠤᠯᠬᠤ ᠶᠢᠨ ᠦᠨᠳᠦᠰᠦᠨ ᠵᠠᠷᠴᠢᠮ ᠤᠨ ᠨᠢᠭᠡ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠲᠡᠦᠬᠡᠨ ᠳᠡᠭᠡᠷ᠎ᠡ ᠠᠩᠬ᠎ᠠ ᠤᠳᠠᠭ᠎ᠠ ᠡᠷᠬᠡ ᠲᠡᠭᠰᠢ ᠤᠯᠤᠰ ᠲᠦᠷᠦ ᠶᠢᠨ ᠡᠷᠬᠡ ᠶᠢ ᠵᠢᠩᠬᠢᠨᠢ ᠪᠠᠷ ᠣᠯᠵᠤ᠂ ᠬᠠᠮᠲᠤ ᠪᠠᠷ ᠡᠷᠬᠡ ᠮᠡᠳᠡᠵᠦ ᠡᠵᠡᠨ ᠰᠠᠭᠤᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠰᠢᠨ᠎ᠡ ᠮᠠᠶ᠋ᠢᠭ ᠤᠨ ᠦᠨᠳᠦᠰᠦᠲᠡᠨ ᠤ ᠬᠠᠷᠢᠴᠠᠭ᠎ᠠ ᠶᠢ ᠪᠠᠶᠢᠭᠤᠯᠤᠨ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠬᠦ ᠳᠤ ᠰᠠᠭᠤᠷᠢ ᠲᠠᠯᠪᠢᠵᠤ ᠥᠭᠴᠡᠢ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠭᠦᠨᠵᠡᠭᠡᠶᠢᠷᠡᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠭᠦᠨᠵᠡᠭᠡᠶᠢᠷᠡᠨ ᠠᠬᠢᠵᠤ᠂ ᠮᠠᠨ ᠤ ᠤᠯᠤᠰ ᠦᠨᠳᠦᠰᠦᠲᠡᠨ ᠨᠦᠭᠦᠳ ᠤᠨ ᠣᠷᠣᠨ ᠪᠦᠰᠡ ᠠᠯᠤᠰᠯᠠᠨ ᠶᠡᠭᠡ ᠰᠢᠯᠵᠢᠯᠲᠡ ᠬᠢᠬᠦ ᠢᠳᠡᠪᠬᠢᠲᠦ ᠬᠤᠭᠤᠴᠠᠭᠠᠨ ᠳᠤ ᠣᠷᠣᠵᠤ᠂ ᠦᠨᠳᠦᠰᠦᠲᠡᠨ ᠨᠦᠭᠦᠳ ᠤᠨ ᠠᠵᠤ ᠠᠬᠤᠢ ᠨᠡᠶᠢᠭᠡᠮ ᠤᠨ ᠠᠮᠢᠳᠤᠷᠠᠯ ᠤᠨ ᠡᠯ᠎ᠡ ᠬᠦᠷᠢᠶᠡᠨ ᠳᠠᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠨᠡᠩ ᠤᠯᠠᠨ ᠳᠠᠬᠢᠨ ᠥᠷᠭᠡᠳᠴᠦ᠂ ᠦᠨᠳᠦᠰᠦᠲᠡᠨ ᠨᠦᠭᠦᠳ ᠤᠨ ᠨᠡᠶᠢᠭᠡᠮ ᠤᠨ ᠠᠮᠢᠳᠤᠷᠠᠯ ᠳᠤᠮᠳᠠᠬᠢ ᠨᠢᠭᠲᠠ ᠬᠠᠷᠢᠯᠴᠠᠭ᠎ᠠ ᠶᠢᠨ ᠥᠷᠭᠡᠴᠡ ᠪᠠ ᠭᠦᠨᠴᠡ ᠤᠷᠢᠳ ᠡᠮᠦᠨ᠎ᠡ ᠭᠠᠷᠤᠭ᠎ᠠ ᠦᠭᠡᠢ ᠪᠠᠶᠢᠵᠤ᠂ ᠮᠠᠨ ᠤ ᠤᠯᠤᠰ ᠤᠨ ᠶᠡᠭᠡ ᠬᠡᠮᠵᠢᠶ᠎ᠡ ᠪᠠᠷ ᠲᠠᠷᠬᠠᠨ ᠰᠠᠭᠤᠷᠢᠰᠢᠭᠰᠠᠨ᠂ ᠪᠠᠭ᠎ᠠ ᠬᠡᠮᠵᠢᠶ᠎ᠡ ᠪᠠᠷ ᠲᠥᠪᠯᠡᠷᠡᠨ ᠰᠠᠭᠤᠷᠢᠰᠢᠭᠰᠠᠨ᠂ ᠰᠣᠯᠪᠢᠴᠠᠨ ᠰᠠᠭᠤᠷᠢᠰᠢᠭᠰᠠᠨ ᠦᠨᠳᠦᠰᠦᠲᠡᠨ ᠤ ᠬᠥᠮᠥᠨ ᠠᠮᠠ ᠶᠢᠨ ᠲᠠᠷᠬᠠᠯᠲᠠ ᠶᠢᠨ ᠪᠠᠶᠢᠷᠢᠰᠢᠯ ᠲᠠᠰᠤᠷᠠᠯᠲᠠ ᠦᠭᠡᠢ ᠭᠦᠨᠵᠡᠭᠡᠶᠢᠷᠡᠵᠦ᠂ ᠶᠡᠭᠡ ᠬᠡᠮᠵᠢᠶ᠎ᠡ ᠪᠠᠷ ᠰᠢᠯᠵᠢᠵᠦ᠂ ᠶᠡᠭᠡ ᠬᠡᠮᠵᠢᠶ᠎ᠡ ᠪᠠᠷ ᠠᠭᠤᠰᠤᠯᠴᠠᠨ ᠰᠠᠭᠤᠷᠢᠰᠢᠭᠰᠠᠨ ᠰᠢᠨ᠎ᠡ ᠣᠨᠴᠠᠯᠢᠭ ᠢᠯᠡᠷᠡᠭᠰᠡᠨ ᠪᠠᠶᠢᠨ᠎ᠠ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠨᠡᠶᠢᠭᠡᠮ ᠤᠨ ᠬᠥᠭᠵᠢᠯᠲᠡ ᠶᠢᠨ ᠵᠠᠶᠢᠯᠠᠰᠢ ᠦᠭᠡᠢ ᠬᠠᠨᠳᠤᠰᠢ ᠮᠥᠨ᠂ ᠮᠠᠨ ᠤ ᠤᠯᠤᠰ ᠤᠨ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭᠠᠨ ᠤ ᠬᠥᠭᠵᠢᠯᠲᠡ ᠶᠢᠨ ᠴᠢᠭᠯᠡᠯ ᠮᠥᠨ᠃ ᠮᠠᠨ ᠤ ᠤᠯᠤᠰ ᠤᠨ ᠠᠵᠤ ᠠᠬᠤᠢ᠂ ᠤᠯᠤᠰ ᠲᠥᠷᠥ᠂ ᠰᠣᠶᠣᠯ ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠭᠦᠨᠵᠡᠭᠡᠶᠢᠷᠡᠵᠦ᠂ ᠦᠨᠳᠦᠰᠦᠲᠡᠨ ᠨᠦᠭᠦᠳ ᠬᠠᠷᠢᠯᠴᠠᠨ ᠰᠤᠷᠤᠯᠴᠠᠵᠤ᠂ ᠬᠠᠷᠢᠯᠴᠠᠨ ᠨᠥᠯᠥᠭᠡᠯᠡᠵᠦ᠂ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠯᠠᠪᠯᠠᠯᠲᠠ ᠪᠣᠯᠭᠠᠵᠤ᠂ ᠬᠠᠮᠲᠤ ᠶᠢᠨ ᠬᠦᠴᠦᠨ ᠵᠦᠢᠯ ᠲᠠᠰᠤᠷᠠᠯᠲᠠ ᠦᠭᠡᠢ ᠨᠡᠮᠡᠭᠳᠡᠬᠦ ᠪᠣᠯᠣᠨ᠎ᠠ᠂ ᠡᠨᠡ ᠨᠢ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ ᠳᠤ ᠠᠰᠢᠭᠲᠠᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠠᠰᠢᠭᠲᠠᠢ ᠶᠤᠮ᠃      ᠳᠡᠯᠡᠬᠡᠢ ᠶᠢᠨ ᠤᠷᠤᠰᠬᠠᠯ ᠰᠦᠷ ᠳᠠᠯᠠᠶᠢᠴᠠᠲᠠᠢ ᠪᠠᠶᠢᠨ᠎ᠠ᠃ ᠪᠢᠳᠡ ᠲᠡᠦᠬᠡ ᠶᠢᠨ ᠵᠢᠮ᠎ᠡ ᠶᠣᠰᠣ ᠶᠢ ᠬᠦᠨᠳᠦᠳᠬᠡᠵᠦ᠂ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠦᠯᠦᠨ᠂ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ᠂ ᠵᠥᠷᠢᠶᠡᠲᠦ ᠴᠢᠨᠠᠷ ᠢ ᠬᠦᠨᠳᠦᠳᠬᠡᠬᠦ ᠪᠠ ᠪᠠᠭᠲᠠᠭᠠᠬᠤ ᠴᠢᠬᠤᠯᠠ ᠵᠠᠷᠴᠢᠮ ᠢ ᠡᠵᠡᠮᠰᠢᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠤᠨ ᠲᠥᠯᠦᠪᠵᠢᠭᠦᠯᠭᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠪᠦᠲᠦᠴᠡ ᠪᠠ ᠨᠡᠶᠢᠭᠡᠮ ᠤᠨ ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠥᠬᠦ ᠲᠠᠯ᠎ᠠ ᠪᠠᠷ ᠰᠢᠭᠢᠳᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠵᠣᠷᠢᠭ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠪᠦᠯᠬᠦᠮᠳᠡᠨ ᠨᠢᠭᠡᠳᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠭᠦᠨ ᠪᠠᠶᠢᠬᠤ ᠶᠢ ᠠᠬᠢᠭᠤᠯᠤᠨ᠎ᠠ᠃ ᠦᠨᠳᠦᠰᠦᠲᠡᠨ ᠤ ᠭᠠᠵᠠᠷ ᠣᠷᠣᠨ ᠪᠠ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠨ ᠪᠦᠰᠡ ᠠᠯᠤᠰᠯᠠᠨ ᠬᠤᠣᠰ ᠴᠢᠭᠯᠡᠯ ᠢᠶᠠᠷ ᠰᠢᠯᠵᠢᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠶᠢ ᠬᠤᠳᠠ ᠶᠢᠨ ᠨᠡᠭᠦᠳᠡᠯ ᠬᠥᠮᠥᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠲᠡᠳᠡᠨ ᠤ ᠵᠠᠩ ᠳᠠᠳᠬᠠᠯ ᠢ ᠵᠦᠢ ᠵᠣᠬᠢᠰᠲᠠᠢ ᠪᠠᠷ ᠬᠠᠷᠠᠭᠠᠯᠵᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠠᠭᠤᠯᠤᠭᠳᠠᠬᠤᠨ ᠢ ᠭᠦᠨᠵᠡᠭᠡᠶᠢᠷᠡᠭᠦᠯᠬᠦ᠂ ᠬᠡᠯᠪᠡᠷᠢ ᠶᠢ ᠪᠠᠶᠠᠯᠢᠭᠵᠢᠭᠤᠯᠬᠤ᠂ ᠠᠷᠭ᠎ᠠ ᠶᠢ ᠰᠢᠨᠡᠴᠢᠯᠡᠬᠦ ᠶᠢ ᠬᠦᠴᠦᠯᠡᠨ ᠭᠦᠨᠵᠡᠭᠡᠶᠢᠷᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠲᠣᠭᠲᠠᠴᠠ ᠶᠢ ᠪᠠᠲᠤ ᠴᠣᠭᠴᠠᠯᠠᠨ ᠪᠠᠶᠢᠭᠤᠯᠵᠤ᠂ ᠲᠡᠭᠦᠨ ᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠨᠡᠶᠢᠭᠡᠮ ᠤᠨ ᠤᠬᠠᠭᠤᠯᠭ᠎ᠠ ᠬᠥᠮᠦᠵᠢᠯ ᠢ ᠰᠠᠶᠢᠲᠤᠷ ᠬᠢᠬᠦ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ ᠪᠠ ᠬᠡᠷᠡᠭᠯᠡᠬᠦ ᠶᠢ ᠬᠦᠨᠳᠦᠳᠬᠡᠨ ᠪᠠᠲᠤᠯᠠᠵᠤ᠂ ᠦᠨᠳᠦᠰᠦᠲᠡᠨ ᠤ ᠭᠠᠵᠠᠷ ᠣᠷᠣᠨ ᠤ ᠬᠢᠲᠠᠳ ᠦᠨᠳᠦᠰᠦᠲᠡᠨ ᠤ ᠺᠠᠳ᠋ᠷᠴᠤᠳ ᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠵᠤ ᠬᠡᠷᠡᠭᠯᠡᠬᠦ ᠶᠢ ᠵᠣᠷᠢᠭᠵᠢᠭᠤᠯᠵᠤ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠤᠨ ᠨᠡᠪᠲᠡᠷᠡᠯᠴᠡᠭᠡ᠂ ᠤᠶᠤᠨ ᠰᠠᠨᠠᠭᠠᠨ ᠤ ᠨᠡᠪᠲᠡᠷᠡᠯᠴᠡᠭᠡ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠳᠤ᠂ ᠵᠠᠯᠠᠭᠤᠴᠤᠳ ᠪᠠᠭᠠᠴᠤᠳ ᠠᠴᠠ ᠡᠬᠢᠯᠡᠨ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠪᠦᠬᠦ ᠶᠠᠪᠤᠴᠠ ᠳᠤ ᠠᠭᠤᠰᠤᠯᠴᠠᠭᠤᠯᠵᠤ᠂ ᠵᠡᠭᠦᠨ ᠪᠠᠷᠠᠭᠤᠨ ᠣᠷᠣᠨ ᠤ ᠵᠠᠯᠠᠭᠤᠴᠤᠳ ᠪᠠᠭᠠᠴᠤᠳ ᠤᠨ ᠬᠤᠣᠰ ᠴᠢᠭᠯᠡᠯ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠵᠤ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠰᠤᠷᠭᠠᠭᠤᠯᠢ ᠬᠠᠮᠲᠤᠷᠠᠬᠤ᠂ ᠠᠩᠭᠢ ᠬᠤᠯᠢᠯᠳᠤᠨ ᠬᠤᠨᠣᠬᠤ ᠶᠢ ᠡᠮᠬᠢ ᠵᠢᠷᠤᠮ ᠲᠠᠢ ᠠᠬᠢᠭᠤᠯᠵᠤ᠂ ᠬᠡᠦᠬᠡᠳ ᠤᠳ ᠢ ᠬᠠᠮᠲᠤ ᠰᠠᠭᠤᠯᠭᠠᠵᠤ᠂ ᠬᠠᠮᠲᠤ ᠰᠤᠷᠤᠯᠴᠠᠭᠤᠯᠵᠤ᠂ ᠬᠠᠮᠲᠤ ᠨᠠᠭᠠᠳᠤᠭᠤᠯᠵᠤ᠂ ᠬᠠᠮᠲᠤ ᠪᠠᠷ ᠦᠰᠦᠨ ᠪᠣᠶᠢᠵᠢᠬᠤ ᠶᠢ ᠠᠬᠢᠭᠤᠯᠬᠤ ᠬᠡᠷᠡᠭᠲᠡᠢ᠃      ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠦᠨᠳᠦᠰᠦᠲᠡᠨ ᠨᠦᠭᠦᠳ ᠤᠨ ᠬᠠᠮᠲᠤ ᠪᠠᠷ ᠴᠢᠨᠡᠭᠡᠯᠢᠭᠵᠢᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢᠨ ᠴᠢᠬᠤᠯᠠ ᠪᠦᠬᠦᠢ ᠨᠥᠬᠦᠴᠡᠯ ᠮᠥᠨ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠃ ᠪᠢᠳᠡ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠤᠯᠠᠮ ᠴᠢᠨᠠᠭᠰᠢᠳᠠ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠰᠦᠷ ᠳᠠᠯᠠᠶᠢᠴᠠᠲᠠᠢ ᠠᠤᠭ᠎ᠠ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠬᠤ ᠬᠡᠷᠡᠭᠲᠡᠢ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1