ᠠᠰᠠᠭᠤᠳᠠᠯ ᠢ ᠨᠠᠷᠢᠯᠢᠭ ᠣᠨᠣᠪᠴᠢᠲᠠᠢ ᠠᠳᠬᠤᠨ᠎ᠠ ︱ ᠦᠵᠡᠯ ᠰᠠᠨᠠᠭ᠎ᠠ ᠶᠢ ᠰᠤᠷᠤᠯᠴᠠᠵᠤ ᠠᠵᠢᠯᠠᠭᠠᠨ ᠤ ᠰᠢᠷᠢᠰ ᠶᠠᠷᠢᠶ᠎ᠠ ③
ᠨᠡᠶᠢᠲᠡᠯᠡᠭᠰᠡᠨ ᠴᠠᠭ᠄
2023/5/31
                           ᠬᠠ ᠯᠢ ᠴᠢᠨ      ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠬᠤ ᠪᠣᠯ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠤᠨ ᠨᠢᠭᠡᠨ ᠢᠯᠡ ᠲᠣᠳᠣ ᠣᠨᠴᠠᠯᠢᠭ ᠪᠣᠯᠤᠨ᠎ᠠ᠃ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠬᠢᠷᠢ ᠵᠡᠷᠭᠡ ᠪᠠᠶᠢᠬᠤ ᠶᠢ ᠬᠡᠮᠵᠢᠬᠦ ᠳᠤ᠂ ᠬᠡᠯᠪᠡᠷᠢ ᠶᠢ ᠬᠡᠳᠦᠢ ᠤᠷᠠᠯᠢᠭ ᠢ ᠦᠵᠡᠬᠦ ᠦᠭᠡᠢ ᠮᠥᠷᠲᠡᠭᠡᠨ ᠠᠵᠢᠯᠯᠠᠭ᠎ᠠ ᠶᠢ ᠬᠡᠳᠦᠢ ᠬᠦᠷ ᠬᠥᠭᠵᠢᠶᠡᠨ ᠲᠠᠢ ᠶᠠᠪᠤᠭᠳᠠᠭᠤᠯᠤᠭᠰᠠᠨ ᠢ ᠦᠵᠡᠬᠦ ᠦᠭᠡᠢ᠂ ᠨᠠᠩ ᠴᠤ ᠮᠡᠳᠡᠭᠦᠯᠦᠯᠲᠡ ᠶᠢ ᠬᠡᠳᠦᠢ ᠭᠤᠶᠣ ᠰᠠᠶᠢᠬᠠᠨ ᠬᠢᠭᠰᠡᠨ ᠢ ᠦᠵᠡᠬᠦ ᠦᠭᠡᠢ᠂ ᠬᠠᠷᠢᠨ ᠦᠨᠡᠨ ᠠᠰᠠᠭᠤᠳᠠᠯ ᠢ ᠦᠨᠡᠨ ᠬᠦ ᠠᠰᠠᠭᠤᠳᠠᠯ ᠢ ᠰᠢᠢᠳᠪᠦᠷᠢᠯᠡᠭᠰᠡᠨ ᠡᠰᠡᠬᠦ ᠶᠢ ᠦᠵᠡᠨ᠎ᠡ᠃      ᠠᠰᠠᠭᠤᠳᠠᠯ ᠤᠷᠤᠰᠢᠵᠦ ᠪᠠᠶᠢᠭ᠎ᠠ ᠨᠢ ᠠᠶᠤᠮᠰᠢᠭᠲᠠᠢ ᠪᠢᠰᠢ᠂ ᠬᠠᠷᠢᠨ ᠵᠣᠷᠢᠭᠲᠠᠢ ᠪᠠᠷ ᠠᠰᠠᠭᠤᠳᠠᠯ ᠳᠤ ᠬᠠᠨᠳᠤᠵᠤ ᠴᠢᠳᠠᠬᠤ ᠦᠭᠡᠢ ᠪᠠᠶᠢᠬᠤ ᠨᠢ ᠦᠨᠡᠨ ᠠᠶᠤᠮᠰᠢᠭᠳᠠᠢ᠃ ᠵᠠᠷᠢᠮ ᠨᠠᠮ ᠤᠨ ᠬᠡᠰᠢᠭᠦᠠ ᠺᠠᠳ᠋ᠷᠴᠣᠣᠠ ︽ᠣᠢᠵᠠᠯ ᠰᠠᠨᠠᠭᠠᠨ ᠤ ᠲᠠᠷᠣᠭᠠᠰᠣ︾ ᠪᠠᠨ ᠲᠠᠶᠠᠭᠳᠠᠵᠤ ᠴᠢᠳᠠᠬᠤ ᠣᠢᠭᠡᠢ᠂ ᠠᠰᠠᠭᠤᠲᠠᠯ ᠢ ᠪᠠᠶᠢᠴᠠᠭᠠᠨ ᠰᠢᠨᠵᠢᠬᠦ ᠳᠤ ᠪᠠᠨ ︽ᠪᠥᠳᠡᠬᠢ ᠦᠵᠡᠯ ᠰᠠᠨᠠᠭ᠎ᠠ︾ ᠪᠠᠷ ᠠᠷᠭᠠᠴᠠᠨ᠎ᠠ᠃ ᠵᠠᠷᠢᠮ ᠨᠢ ᠠᠰᠠᠭᠤᠳᠠᠯ ᠢ ᠡᠷᠢᠵᠦ ᠵᠠᠯᠠᠷᠠᠭᠤᠯᠬᠤ ᠳᠤ ᠪᠠᠨ ᠬᠦᠨᠳᠦ ᠠᠴᠠ ᠵᠠᠶᠢᠯᠠᠵᠤ ᠬᠥᠩᠭᠡᠨ ᠢ ᠨᠢ ᠡᠷᠢᠨ᠂ ᠬᠠᠭᠠᠰ ᠢ ᠨᠢ ᠶᠠᠷᠢᠭᠠᠳ ᠬᠠᠭᠠᠰ ᠢ ᠨᠢ ᠦᠯᠡᠳᠡᠭᠡᠬᠦ ᠪᠤᠶᠤ ᠴᠠᠭᠠᠰᠤᠨ ᠳᠡᠭᠡᠷᠡᠬᠢ ᠦᠭᠡ ᠵᠢ‌ᠨᠠᠭᠠᠰᠢ ᠴᠠᠭᠠᠰᠢ ᠰᠢᠯᠵᠢᠭᠦᠯᠦᠨ ᠬᠡᠯᠡᠨ᠎ᠡ᠃ ᠵᠠᠷᠢᠮ ᠨᠢ ᠦᠵᠡᠬᠦ ᠳᠤ ᠠᠰᠠᠭᠤᠳᠠᠯ ᠢ ᠠᠷᠪᠢᠨ ᠣᠯᠠᠨ ᠢᠯᠡᠷᠡᠭᠦᠯᠦᠭᠰᠡᠨ ᠰᠢᠭ ᠪᠣᠯᠪᠠᠴᠤ ᠦᠨᠡᠨ ᠳᠤ ᠪᠠᠨ ᠶᠠᠯᠢᠮ ᠦᠭᠡᠢ ᠵᠢᠵᠢᠭ ᠰᠠᠵᠢᠭ ᠠᠰᠠᠭᠤᠳᠠᠯ ᠤᠳ ᠪᠠᠶᠢᠵᠤ ᠴᠢᠬᠤᠯᠠ ᠪᠢᠰᠢ᠃ ᠵᠠᠷᠢᠮ ᠨᠢ ᠳᠡᠭᠡᠳᠦ ᠱᠠᠲᠤᠨ ᠤ ᠵᠢᠭᠠᠵᠤ ᠭᠠᠷᠭᠠᠭᠰᠠᠨ ᠠᠰᠠᠭᠤᠳᠠᠯ ᠢᠶᠠᠷ ᠥᠪᠡᠷ ᠢᠶᠠᠨ ᠡᠷᠢᠵᠦ ᠣᠯᠣᠭᠰᠠᠨ ᠠᠰᠠᠭᠤᠳᠠᠯ ᠢᠶᠠᠷ ᠣᠷᠣᠭᠤᠯᠵᠤ᠂ ᠪᠤᠰᠤᠳ ᠤᠨ ᠠᠰᠠᠭᠤᠳᠠᠯ ᠢᠶᠠᠷ ᠥᠪᠡᠷ ᠤᠨ ᠠᠰᠠᠭᠤᠳᠠᠯ ᠢᠶᠠᠷ ᠣᠷᠣᠭᠤᠯᠳᠠᠭ ᠁ ᠠᠰᠠᠭᠤᠳᠠᠯ ᠢ ᠡᠷᠢᠵᠦ ᠣᠯᠬᠤ ᠦᠭᠡᠢ᠂ ᠠᠰᠠᠭᠤᠳᠠᠯ ᠢ ᠣᠨᠣᠪᠴᠢᠲᠠᠢ ᠡᠷᠢᠵᠦ ᠴᠢᠳᠠᠬᠤ ᠦᠭᠡᠢ᠂ ᠭᠤᠤᠯᠳᠠᠯᠭ᠎ᠠ ᠲᠠᠢ ᠠᠰᠠᠭᠤᠳᠠᠯ ᠢ ᠡᠷᠢᠵᠦ ᠣᠯᠬᠤ ᠦᠭᠡᠢ  ᠨᠢ ᠲᠡᠷᠡ ᠴᠡᠭ ᠢᠶᠠᠷ ᠢᠶᠠᠨ ᠬᠠᠮᠤᠭ ᠤᠨ ᠶᠡᠭᠡ ᠠᠰᠠᠭᠤᠳᠠᠯ ᠪᠣᠯᠵᠤ᠂ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠮᠵᠢ ᠶᠢ ᠰᠢᠭᠤᠳ ᠨᠥᠯᠥᠭᠡᠯᠡᠵᠦ ᠪᠠᠶᠢᠨ᠎ᠠ᠃ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠳᠤ᠂ ᠠᠰᠠᠭᠤᠳᠠᠯ ᠢ ᠣᠨᠢᠨ ᠳᠡᠭᠡᠷ᠎ᠡ ᠨᠢ ᠡᠷᠢᠵᠦ ᠣᠯᠬᠤ ᠪᠥᠭᠡᠳ ᠵᠠᠯᠠᠷᠠᠭᠤᠯᠤᠨ᠂ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ ᠴᠢᠳᠠᠬᠤ ᠡᠰᠡᠬᠦ ᠪᠠᠷ ︽ᠰᠢᠯᠭᠠᠭᠤᠷ︾ ᠪᠣᠯᠭᠠᠵᠤ᠂ ᠠᠰᠠᠭᠤᠳᠠᠯ ᠳᠤ ᠬᠠᠨᠳᠤᠭᠤᠯᠤᠨ ᠥᠭᠡᠷᠡᠴᠢᠯᠡᠭᠦᠯᠵᠦ᠂ ᠰᠣᠷᠣᠯᠴᠠᠬᠤ᠂ ᠰᠤᠳᠤᠯᠬᠤ᠂ ᠪᠠᠶᠢᠴᠠᠭᠠᠬᠤ᠂ ᠥᠭᠡᠷᠡᠴᠢᠯᠡᠬᠦ ᠡᠯ᠎ᠡ ᠲᠠᠯ᠎ᠠ ᠪᠠᠷ ᠴᠦᠮ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠠᠰᠠᠭᠤᠳᠠᠯ ᠳᠤ ᠬᠠᠨᠳᠤᠭᠤᠯᠤᠨ ᠬᠥᠭᠵᠢᠯᠲᠡ ᠶᠢᠨ ᠵᠠᠮ ᠨᠡᠭᠡᠭᠡᠵᠦ ᠥᠭᠬᠦ ᠬᠡᠷᠡᠭᠲᠡᠢ᠃      ᠠᠰᠠᠭᠤᠳᠠᠯ ᠢ ᠡᠷᠢᠵᠦ ᠵᠠᠯᠠᠷᠠᠭᠤᠯᠬᠤ ᠨᠢ ᠶᠠᠭ ︽ᠡᠪᠡᠳᠴᠢᠨ ᠣᠨᠣᠰᠢᠯᠠᠬᠤ︾ ᠲᠠᠢ ᠠᠳᠠᠯᠢ ᠶᠤᠮ᠂ ᠭᠠᠭᠴᠠ ᠬᠦ ︽ᠡᠪᠡᠳᠴᠢᠨ ᠡᠮᠭᠡᠭ︾᠂ ︽ᠡᠪᠡᠳᠴᠢᠨ ᠤ ᠰᠢᠯᠲᠠᠭᠠᠨ︾ ᠢ ᠣᠨᠣᠪᠴᠢᠲᠠᠢ ᠡᠷᠢᠵᠦ ᠣᠯᠪᠠᠯ ᠰᠠᠶ᠋ᠢ ᠤᠨᠢᠨ ᠳᠡᠭᠡᠷ᠎ᠡ ᠨᠢ ᠵᠠᠰᠠᠵᠤ ᠴᠢᠳᠠᠨ᠎ᠠ᠃ ᠠᠰᠠᠭᠤᠳᠠᠯ ᠢ ᠤᠨᠢᠨ ᠳᠡᠭᠡᠷ᠎ᠡ ᠨᠢ ᠠᠳᠬᠤᠬᠤ ᠳᠤ ︽ᠮᠠᠭᠤᠬᠠᠢ ᠪᠠᠨ ᠬᠠᠯᠬᠠᠯᠠᠬᠤ ᠣᠪᠣᠷ︾ ᠪᠠᠶᠢᠵᠤ ᠪᠣᠯᠬᠤ ᠦᠭᠡᠢ᠂ ᠨᠡᠩ ᠴᠤ ︽ᠭᠡᠮ ᠢᠶᠠᠨ ᠨᠢᠭᠤᠭᠠᠳ ᠭᠡᠭᠡᠷᠡᠬᠦ ᠦᠭᠡᠢ︾ ᠪᠠᠶᠢᠵᠤ ᠪᠣᠯᠬᠤ ᠦᠭᠡᠢ᠃ ᠮᠠᠭᠤ ᠮᠠᠭᠤᠬᠠᠢ ᠪᠠᠨ ᠬᠠᠯᠬᠠᠯᠠᠭᠠᠳ ᠠᠰᠠᠭᠤᠳᠠᠯ ᠢ ᠠᠷᠢᠯᠭᠠᠬᠤ ᠦᠭᠡᠢ ᠪᠣᠯ᠂ ᠵᠦᠪᠬᠡᠨ ᠪᠠᠭ᠎ᠠ ᠠᠰᠠᠭᠤᠳᠠᠯ ᠢᠶᠠᠨ ᠶᠡᠬᠡᠰᠬᠡᠵᠦ᠂ ᠶᠡᠭᠡ ᠠᠰᠠᠭᠤᠳᠠᠯ ᠢ ᠬᠡᠴᠡᠭᠦᠳᠡᠭᠦᠯᠦᠨ᠎ᠡ᠃ ᠵᠣᠷᠢᠭᠲᠠᠢ ᠪᠠᠷ ︽ᠲᠣᠮᠣᠷᠠᠭᠤᠯᠬᠤ ᠰᠢᠯ︾ ᠪᠠ ︽ᠮᠢᠺᠷᠣᠰᠺᠣᠫ︾ ᠢ ᠴᠢᠳᠠᠮᠠᠭᠠᠢ ᠬᠡᠷᠡᠭᠯᠡᠵᠦ᠂ ᠨᠠᠷᠢᠯᠢᠭ ᠵᠦᠢᠯᠡᠰ ᠠᠴᠠ ᠢᠯᠡᠭᠦᠬᠡᠨ ᠠᠰᠠᠭᠤᠳᠠᠯ ᠡᠷᠢᠵᠦ ᠭᠦᠨ ᠳᠠᠪᠬᠤᠷᠭ᠎ᠠ ᠠᠴᠠ ᠠᠰᠠᠭᠤᠳᠠᠯ ᠢ ᠢᠯᠡᠭᠦᠬᠡᠨ ᠠᠭᠤᠳᠠᠯᠬᠤ ᠬᠡᠷᠡᠭᠲᠡᠢ᠃ ᠲᠥᠪᠯᠡᠷᠡᠯ ᠤᠨ ᠵᠠᠢ ᠶᠢ ᠣᠨᠣᠪᠴᠢᠲᠠᠢ      ᠲᠤᠬᠢᠷᠠᠭᠤᠯᠵᠦ᠂ ᠲᠥᠪᠯᠡᠷᠡᠯ ᠤᠨ ᠴᠡᠭ ᠢ ᠣᠨᠢᠯᠠᠵᠤ᠂ ᠵᠠᠩᠭᠢᠯᠠᠭ᠎ᠠ ᠶᠢ ᠣᠨᠢᠯᠠᠵᠤ᠂ ᠠᠰᠠᠭᠤᠳᠠᠯ ᠢ ᠡᠷᠢᠵᠦ ᠭᠠᠷᠭᠠᠬᠤ ᠬᠡᠷᠡᠭᠲᠡᠢ᠃ ᠵᠣᠷᠢᠭᠲᠠᠶ ᠪᠠᠷ ᠬᠠᠲᠠᠭᠤ ᠲᠠᠢ ᠨᠢ ᠬᠠᠯᠳᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠬᠢᠲᠤᠭᠠᠨ ᠢᠷ ᠢ ᠳᠣᠲᠣᠭᠰᠢ ᠬᠠᠨᠳᠤᠭᠤᠯᠤᠨ ᠪᠠᠶᠢᠴᠠᠭᠠᠨ ᠵᠠᠯᠠᠷᠠᠭᠤᠯᠵᠤ᠂ ᠶᠠᠰᠤ ᠶᠢ ᠨᠢ ᠬᠤᠰᠤᠨ ᠬᠤᠣᠷ ᠢ ᠨᠢ ᠠᠷᠢᠯᠭᠠᠬᠤ ᠡᠷᠡᠰ ᠵᠣᠷᠢᠭ ᠢᠶᠠᠷ ᠭᠦᠨᠵᠡᠭᠡᠢ ᠵᠠᠳᠠᠯᠤᠯᠲᠠ ᠬᠢᠵᠦ᠂ ᠠᠰᠠᠭᠤᠳᠠᠯ ᠤᠨ ᠦᠨᠳᠦᠰᠦ ᠶᠢ ᠨᠢ ᠠᠷᠢᠯᠭᠠᠵᠤ ᠢᠯᠡᠷᠡᠯ ᠢ ᠨᠢ ᠵᠠᠰᠠᠵᠤ᠂ ᠦᠷᠡᠭᠡᠨ ᠢᠶᠠᠷ ᠢᠳᠬᠠᠯ ᠰᠠᠨᠠᠭᠤᠯᠭ᠎ᠠ ᠶᠢ ᠬᠦᠯᠢᠶᠡᠨ ᠠᠪᠴᠤ᠂ ︽ᠡᠪᠡᠳᠴᠢᠨ︾ ᠶᠢ ᠠᠷᠠᠳ ᠠᠴᠠ ᠠᠰᠠᠭᠤᠨ᠂ ᠣᠯᠠᠨ ᠲᠦᠮᠡᠨ ᠠᠴᠠ     ᠠᠰᠠᠭᠤᠳᠠᠯ ᠢ ᠣᠶᠢᠯᠭᠠᠨ ᠠᠰᠠᠭᠤᠳᠠᠯ ᠢ ᠴᠤᠭᠯᠠᠭᠤᠯᠬᠤ ᠬᠡᠷᠡᠭᠲᠡᠢ᠃      ᠠᠰᠠᠭᠤᠳᠠᠯ ᠤᠨ ᠮᠥᠨ ᠴᠢᠨᠠᠷ ᠢ ᠣᠨᠣᠪᠴᠢᠲᠠᠶ ᠡᠷᠢᠨ ᠣᠯᠵᠤ᠂ ᠠᠰᠠᠭᠤᠳᠠᠯ ᠤᠨ ᠦᠨᠳᠦᠰᠦ ᠰᠢᠯᠲᠠᠭᠠᠨ ᠢ ᠭᠦᠨ ᠠᠭᠤᠳᠠᠯᠪᠠᠯ ᠰᠠᠶ᠋ᠢ ᠠᠰᠠᠭᠤᠳᠠᠯ ᠤᠨ ᠨᠠᠷᠢᠨ ᠳᠠᠩᠰᠠ ᠶᠢ ᠦᠷ᠎ᠡ ᠪᠦᠲᠦᠮᠵᠢ ᠶᠢᠨ ᠨᠠᠷᠢᠨ ᠳᠠᠩᠰᠠ ᠪᠣᠯᠭᠠᠨ ᠬᠤᠪᠢᠷᠠᠭᠤᠯᠵᠤ ᠴᠢᠳᠠᠨ᠎ᠠ᠃ ᠠᠰᠠᠭᠤᠳᠠᠯ ᠢ ᠬᠡᠳᠦᠢ ᠣᠨᠣᠪᠴᠢᠲᠠᠢ ᠢᠯᠡᠷᠡᠭᠦᠯᠪᠡᠯ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠳᠠᠷᠤᠢ ᠲᠡᠳᠦᠢ ᠪᠣᠳᠠᠲᠠᠢ ᠶᠢ ᠡᠷᠬᠢᠮᠯᠡᠵᠦ᠂ ᠠᠰᠠᠭᠤᠳᠠᠯ ᠢ ᠰᠢᠢᠳᠪᠦᠷᠢᠯᠡᠬᠦ ᠨᠢ ᠲᠡᠳᠦᠢ ᠪᠦᠲᠦᠮᠵᠢᠲᠡᠢ ᠪᠤᠯᠵᠦ᠂ ᠬᠥᠭᠵᠢᠯᠲᠡ ᠶᠢ ᠠᠬᠢᠭᠤᠯᠬᠤ ᠨᠢ ᠴᠤ ᠲᠡᠳᠦᠢ ᠬᠦᠴᠦᠲᠡᠢ ᠪᠣᠯᠤᠨ᠎ᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠪᠣᠳᠠᠲᠤ ᠪᠠᠶᠢᠳᠠᠯ ᠳᠤ ᠰᠠᠭᠤᠷᠢᠯᠠᠨ᠂ ᠪᠡᠶ᠎ᠡ ᠪᠠᠷ ᠢᠶᠠᠨ ᠣᠷᠣᠯᠴᠠᠨ᠂ ᠲᠦᠭᠵᠢᠷᠡᠯ ᠴᠡᠭ ᠲᠤ ᠰᠢᠭᠤᠳ ᠬᠠᠨᠳᠤᠨ᠂ ᠠᠰᠠᠭᠤᠳᠠᠯ ᠢ ᠣᠨᠣᠪᠴᠢᠲᠠᠶ ᠠᠳᠬᠤᠨ᠂ ᠪᠠᠶᠢᠳᠠᠯ ᠢ ᠲᠣᠳᠣᠷᠬᠠᠶ ᠣᠶᠢᠯᠭᠠᠨ᠂ ᠠᠰᠠᠭᠤᠳᠠᠯ ᠢ ᠣᠨᠣᠪᠴᠢᠲᠠᠶ ᠡᠵᠡᠮᠳᠡᠨ᠂ ᠠᠷᠭ᠎ᠠ ᠪᠣᠳᠣᠯᠭ᠎ᠠ ᠪᠠᠨ ᠳᠤᠷᠠᠳᠤᠨ᠂ ᠰᠠᠨᠠᠭᠠᠴᠢᠯᠠᠭ᠎ᠠ ᠠᠴᠠ ᠪᠠᠨ ︽ᠬᠦᠯᠢᠶᠡᠨ ᠠᠪᠴᠤ︾᠂ ᠨᠠᠷᠢᠯᠢᠭ ᠣᠨᠣᠪᠴᠢᠲᠠᠢ ︽ᠡᠬᠢᠯᠡᠬᠦᠯᠵᠦ︾᠂ ᠦᠨᠳᠦᠰᠦᠨ ᠠᠴᠠ ᠨᠢ ︽ᠰᠢᠢᠳᠪᠦᠷᠢᠯᠡᠬᠦ︾ ᠬᠡᠷᠡᠭᠲᠡᠶ᠃ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1