ᠣᠶᠢᠷ᠎ᠠ ᠳᠤ᠂ ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ | ᠠᠵᠤ ᠠᠬᠤᠶᠢᠯᠠᠯ ᠡᠷᠭᠢᠯᠡᠬᠦ ᠲᠤᠰᠬᠠᠢ ᠣᠷᠣᠨ︾ ᠤ ᠦᠢᠯᠡᠴᠢᠯᠡᠭᠡᠨ ᠤ ᠴᠣᠩᠬᠤᠨ ᠤ ᠡᠮᠦᠨ᠎ᠡ᠂ ᠠᠵᠤ | ᠠᠬᠤᠶᠢᠯᠠᠯ ᠤᠨ ᠠᠵᠢᠯᠲᠠᠨ ᠴᠢᠨ ᠰᠢᠶᠠ ᠶᠠᠭ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ᠤᠴᠢᠷ ᠶᠠᠪᠤᠳᠠᠯ ᠢ | ᠭᠦᠢᠴᠡᠳᠬᠡᠵᠦ ᠪᠠᠶᠢᠨ᠎ᠠ᠂ ᠲᠡᠷᠡ ᠵᠥᠪᠬᠡᠨ ᠨᠢᠭᠡ ᠬᠠᠭᠤᠳᠠᠰᠤ ᠬᠦᠰᠦᠨᠦᠭ ᠲᠠᠭᠯᠠᠬᠤ ᠪᠠᠷ ᠳᠡᠮᠵᠢᠨ ᠠᠵᠤ | ᠠᠬᠤᠶᠢᠯᠠᠯ ᠢ ᠬᠦᠴᠦᠨ ᠦᠭᠡᠢ ᠪᠣᠯᠭᠠᠬᠤ ᠭᠤᠶᠤᠴᠢᠯᠠᠯ ᠢ ᠪᠡᠶᠡᠯᠡᠭᠦᠯᠦᠭᠰᠡᠨ ᠪᠠᠶᠢᠨ᠎ᠠ᠃ | ︽ᠣᠳᠣᠬᠠᠨ ᠳᠤ ᠠᠵᠤ ᠠᠬᠤᠶᠢᠯᠠᠯ ᠢ ᠳᠠᠩᠰᠠᠨ ᠠᠴᠠ ᠬᠠᠰᠤᠬᠤ ᠳᠤ ᠦᠨᠡᠬᠡᠷ ᠳᠥᠭᠦᠮ ᠪᠣᠯᠵᠠᠢ᠂ | ᠥᠩᠭᠡᠷᠡᠭᠰᠡᠨ ᠳᠤ ᠠᠵᠤ ᠠᠬᠤᠶᠢᠯᠠᠯ ᠢ ᠳᠠᠩᠰᠠᠨ ᠠᠴᠠ ᠬᠠᠰᠤᠬᠤ ᠳᠤ ᠡᠯ᠎ᠡ ᠰᠠᠯᠠᠭ᠎ᠠ ᠮᠥᠴᠢᠷ ᠤᠨ ᠴᠣᠩᠬᠤᠨ ᠳᠤ | ᠣᠴᠢᠵᠤ᠂ ᠨᠢᠭᠡ ᠨᠢᠭᠡ ᠪᠠᠷ ᠭᠡᠷᠡᠴᠢ ᠲᠡᠮᠳᠡᠭ ᠢ ᠳᠠᠩᠰᠠᠨ ᠠᠴᠠ ᠬᠠᠰᠤᠬᠤ ᠬᠡᠷᠡᠭᠲᠡᠢ ᠪᠠᠶᠢᠵᠠᠢ᠂ ᠣᠳᠣ ᠬᠡᠷᠡᠭᠯᠡᠬᠦ | ᠦᠭᠡᠢ ᠪᠣᠯᠵᠠᠢ᠂ ᠨᠢᠭᠡ ᠴᠣᠩᠬᠤᠨ ᠳᠤ ᠣᠴᠢᠵᠤ ᠭᠦᠢᠴᠡᠳᠬᠡᠪᠡᠯ ᠠᠵᠢᠯᠲᠠᠳ ᠴᠥᠮ ᠲᠡᠭᠦᠨ ᠢ ᠬᠠᠪᠰᠤᠷᠤᠨ | ᠰᠢᠢᠳᠪᠦᠷᠢᠯᠡᠵᠦ ᠥᠭᠬᠦ ᠪᠣᠯᠬᠤᠷ ᠭᠦᠢᠴᠡᠳᠬᠡᠬᠦ ᠴᠠᠭ ᠢ ᠶᠡᠭᠡ ᠪᠠᠷ ᠪᠠᠭᠠᠰᠬᠠᠵᠤ ᠪᠣᠯᠣᠨ᠎ᠠ︾ ᠭᠡᠵᠦ ᠴᠢᠨ ᠰᠢᠶᠠ | ᠪᠠᠶᠠᠷᠲᠠᠢ ᠪᠠᠷ ᠬᠡᠯᠡᠪᠡ᠃ | ᠡᠨᠡ ᠨᠢ ᠴᠥᠮ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠡᠭᠡ ᠪᠠᠷ ᠬᠡᠷᠡᠭᠵᠢᠭᠦᠯᠦᠭᠰᠡᠨ ᠠᠵᠤ ᠠᠬᠤᠶᠢᠯᠠᠯ ᠤᠨ ︽ᠨᠢᠭᠡ | ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢ ᠬᠦᠴᠦᠨ ᠦᠭᠡᠢ ᠪᠣᠯᠭᠠᠭᠰᠠᠨ ᠠᠴᠠ | ᠪᠣᠯᠤᠭᠰᠠᠨ ᠶᠤᠮ᠃ ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ᠂ ᠠᠯᠪᠠᠨ ᠲᠠᠮᠠᠭ᠎ᠠ ᠵᠡᠷᠭᠡ ᠠᠳᠠᠯᠢ ᠪᠤᠰᠤ | ᠰᠠᠯᠠᠭ᠎ᠠ ᠮᠥᠴᠢᠷ ᠤᠨ ᠠᠳᠠᠯᠢ ᠪᠤᠰᠤ ᠤᠴᠢᠷ ᠶᠠᠪᠤᠳᠠᠯ ᠤᠨ ᠬᠤᠭᠤᠷᠣᠨᠳᠤ ᠪᠠᠨ ᠬᠠᠷᠢᠯᠴᠠᠨ ᠬᠠᠮᠵᠢᠯᠴᠠᠬᠤ ᠪᠠᠷ | ᠳᠡᠮᠵᠢᠨ᠂ ᠠᠵᠤ ᠠᠬᠤᠶᠢᠯᠠᠯ ᠳᠤ ︽ᠢᠵᠢ ᠦᠢᠯᠡᠴᠢᠯᠡᠭᠡ ᠶᠢᠨ ᠮᠠᠶ᠋ᠢᠭ︾ ᠤᠨ ᠬᠦᠴᠦᠨ ᠦᠭᠡᠢ ᠪᠣᠯᠭᠠᠬᠤ | ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ᠶᠢ ᠭᠦᠢᠴᠡᠳᠬᠡᠬᠦ ᠳᠤ ᠵᠥᠪᠬᠡᠨ ︽ | ᠨᠢᠭᠡ ᠯᠡ ᠤᠳᠠᠭ᠎ᠠ ᠳᠡᠭᠡᠷ᠎ᠡ ᠣᠴᠢᠵᠤ᠂ ᠨᠢᠭᠡ ᠢᠵᠢ ᠮᠠᠲ᠋ᠧᠷᠢᠶᠠᠯ ᠲᠤᠰᠢᠶᠠᠬᠤ︾ ᠬᠡᠷᠡᠭᠲᠡᠢ᠃ ᠡᠭᠦᠨ ᠠᠴᠠ | ᠭᠠᠳᠠᠨ᠎ᠠ᠂ ᠬᠦᠴᠦᠨ ᠦᠭᠡᠢ ᠪᠣᠯᠭᠠᠬᠤ ᠲᠥᠬᠦᠮ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠨᠢ ᠵᠥᠪᠬᠡᠨ | ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠳᠤ ᠲᠡᠭᠦᠨ ᠤ ᠠᠵᠢᠯ ᠡᠬᠢᠯᠡᠭᠦᠯᠦᠭᠰᠡᠨ ᠦᠭᠡᠢ ᠪᠤᠶᠤ ᠠᠪᠴᠠᠭ᠎ᠠ | ᠥᠭᠴᠡᠭᠡ ᠦᠭᠡᠢ ᠪᠠᠶᠢᠳᠠᠯ ᠢᠶᠠᠨ ᠢᠯᠡ ᠨᠡᠶᠢᠲᠡᠯᠡᠵᠦ᠂ ᠢᠯᠡ ᠨᠡᠶᠢᠲᠡᠯᠡᠭᠰᠡᠨ ᠤ ᠳᠠᠷᠠᠭ᠎ᠠ ᠰᠦᠯᠵᠢᠶᠡᠨ ᠳᠡᠭᠡᠷ᠎ᠡ | ᠳᠠᠩᠰᠠᠯᠠᠬᠤ ᠪᠠᠶᠢᠭᠤᠯᠭ᠎ᠠ ᠳᠤ ᠭᠤᠶᠤᠴᠢᠯᠠᠯ ᠤᠨ ᠪᠢᠴᠢᠭ ᠵᠢᠴᠢ ᠪᠥᠬᠦ ᠪᠡᠯᠡ ᠣᠷᠣᠭᠤᠯᠤᠭᠴᠢ ᠶᠢᠨ ᠠᠮᠠᠯᠠᠯᠲᠠ ᠶᠢᠨ | ᠪᠢᠴᠢᠭ ᠢᠶᠠᠨ ᠲᠤᠰᠢᠶᠠᠪᠠᠯ ᠳᠠᠷᠤᠢ ᠪᠣᠶ ᠪᠦᠬᠦᠢ ᠶᠠᠪᠤᠴᠠ ᠶᠢ ᠪᠡᠶᠡᠯᠡᠭᠦᠯᠵᠦ᠂ ︽ᠨᠢᠭᠡ ᠯᠡ ᠤᠳᠠᠭ᠎ᠠ ᠳᠤ ᠲᠤᠰᠢᠶᠠᠵᠤ | ᠂ ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠦᠨᠡᠨ ᠬᠦ ᠪᠡᠶᠡᠯᠡᠭᠦᠯᠵᠦ ᠪᠣᠯᠣᠨ᠎ᠠ᠃ | ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠨᠢ ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ᠥᠪᠡᠷ ᠤᠨ ᠥᠷᠲᠡᠭ ᠢ ᠲᠤᠶᠢᠯ ᠤᠨ | ᠶᠡᠭᠡ ᠪᠠᠷ ᠪᠠᠭᠤᠷᠠᠭᠤᠯᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠤᠣᠯ ᠴᠣᠭᠴᠠ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠥᠭᠡᠷᠡᠴᠢᠯᠡᠯᠲᠡ ᠠᠴᠠ ᠪᠣᠯᠤᠭᠰᠠᠨ ᠲᠥᠬᠦᠮ ᠨᠥᠬᠦᠴᠡᠯ ᠢ ᠦᠨᠡᠨ ᠬᠦ ᠮᠡᠳᠡᠷᠡᠭᠦᠯᠪᠡ᠃ | |