ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ︽ᠰᠤᠷᠤᠯᠴᠠᠬᠤ ᠮᠠᠶ᠋ᠢᠭ ᠤᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ · ᠮᠡᠳᠡᠯᠭᠡ ᠶᠢᠨ ᠮᠠᠶ᠋ᠢᠭ ᠤᠨ ᠠᠵᠢᠯᠲᠠᠨ ᠠᠵᠢᠯᠴᠢᠨ ᠪᠤᠯᠤᠶ᠎ᠠ︾ ᠠᠵᠢᠯᠯᠠᠭ᠎ᠠ ᠶᠢᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/6/1
      ᠮᠠᠨ ᠤ ᠰᠢᠶᠠᠨ ᠤ ᠥᠷᠭᠡᠨ ᠣᠯᠠᠨ ᠠᠵᠢᠯᠲᠠᠨ ᠠᠵᠢᠯᠴᠢᠨ ᠤ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠯᠴᠠᠬᠤ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ᠂ ᠥᠷᠢᠰᠦᠯᠳᠦᠬᠦ ᠴᠢᠳᠠᠪᠤᠷᠢ ᠶᠢ ᠨᠡᠮᠡᠭᠳᠡᠭᠦᠯᠦᠨ᠂ ᠲᠣᠰ ᠪᠡᠶ᠎ᠡ ᠶᠢᠨ ᠶᠡᠷᠦᠩᠬᠡᠢ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 2023 ᠣᠨ ᠤ ᠪᠥᠬᠦ ᠣᠷᠣᠨ ᠤ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠲᠠᠢ ᠤᠶᠠᠯᠳᠤᠭᠤᠯᠤᠨ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠰᠦᠯᠵᠢᠶᠡᠨ ᠳᠡᠭᠡᠷ᠎ᠡ ᠱᠠᠩᠨᠠᠯ ᠲᠠᠢ ᠰᠡᠳᠦᠪ ᠬᠠᠷᠢᠭᠤᠯᠬᠤ ᠠᠵᠢᠯᠯᠠᠭ᠎ᠠ ᠡᠷᠭᠢᠯᠡᠬᠦ ᠪᠠᠷ ᠲᠣᠭᠲᠠᠪᠠ᠂ ᠪᠣᠳᠠᠲᠠᠢ ᠮᠡᠳᠡᠭᠳᠡᠯ ᠨᠢ ᠳᠣᠣᠷᠠᠬᠢ ᠮᠡᠲᠦ᠄      ᠨᠢᠭᠡ᠂ ᠠᠵᠢᠯᠯᠠᠭ᠎ᠠ ᠶᠢᠨ ᠭᠤᠣᠯ ᠰᠡᠳᠦᠪ      ︽ᠰᠤᠷᠤᠯᠴᠠᠬᠤ ᠮᠠᠶ᠋ᠢᠭ ᠤᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ · ᠮᠡᠳᠡᠯᠭᠡ ᠶᠢᠨ ᠮᠠᠶ᠋ᠢᠭ ᠤᠨ ᠠᠵᠢᠯᠲᠠᠨ ᠠᠵᠢᠯᠴᠢᠨ ᠪᠤᠯᠤᠶ᠎ᠠ︾      ᠬᠤᠶᠠᠷ᠂ ᠣᠷᠣᠯᠴᠠᠬᠤ ᠡᠲᠡᠭᠡᠳ      ᠪᠥᠬᠦ ᠰᠢᠶᠠᠨ ᠤ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠴᠢᠨ ᠤ ᠡᠪᠯᠡᠯ ᠤᠨ ᠭᠡᠰᠢᠭᠦᠨ ︵ᠡᠯᠧᠺᠲᠷᠣᠨ ᠭᠡᠰᠢᠭᠦᠨ ᠤ ᠦᠨᠡᠮᠯᠡᠯ ᠲᠠᠢ︶      ᠭᠤᠷᠪᠠ᠂ ᠠᠵᠢᠯᠯᠠᠭᠠᠨ ᠤ ᠴᠠᠭ      2023 ᠣᠨ ᠤ 5 ᠳ᠋ᠤᠭᠠᠷ ᠰᠠᠷ᠎ᠠ ᠶᠢᠨ 27 ᠤ ᠡᠳᠦᠷ ︱ 2023 ᠣᠨ ᠤ 6 ᠳ᠋ᠤᠭᠠᠷ ᠰᠠᠷ᠎ᠠ ᠶᠢᠨ 5 ᠤ ᠡᠳᠦᠷ      ᠳᠥᠷᠪᠡ᠂ ᠠᠵᠢᠯᠯᠠᠭᠠᠨ ᠤ ᠬᠡᠯᠪᠡᠷᠢ       1᠂ ᠰᠡᠳᠦᠪ ᠬᠠᠷᠢᠭᠤᠯᠬᠤ ᠳᠦᠷᠢᠮ      ᠲᠣᠰ ᠤᠳᠠᠭᠠᠨ ᠤ ᠰᠡᠳᠦᠪ ᠬᠠᠷᠢᠭᠤᠯᠬᠤ ᠠᠵᠢᠯᠯᠠᠭ᠎ᠠ ᠳᠤ ᠰᠡᠳᠦᠪ ᠤᠨ ᠬᠥᠮᠥᠷᠭᠡ ᠠᠴᠠ ᠲᠣᠬᠢᠶᠠᠯᠳᠤᠯ ᠢᠶᠠᠷ ᠰᠡᠳᠦᠪ ᠭᠠᠷᠭᠠᠬᠤ ᠠᠷᠭ᠎ᠠ ᠶᠢ ᠬᠡᠷᠡᠭᠯᠡᠵᠦ᠂ ᠭᠡᠰᠢᠭᠦᠨ ᠨᠢᠭᠡᠪᠦᠷᠢ ᠡᠳᠦᠷ ᠪᠦᠷᠢ ᠬᠤᠶᠠᠷ ᠤᠳᠠᠭ᠎ᠠ ᠰᠡᠳᠦᠪ ᠬᠠᠷᠢᠭᠤᠯᠬᠤ ᠲᠣᠬᠢᠶᠠᠯ ᠲᠠᠢ᠂ ᠤᠳᠠᠭ᠎ᠠ ᠪᠦᠷᠢ 5 ᠰᠡᠳᠦᠪ᠂ ᠰᠡᠳᠦᠪ ᠪᠦᠷᠢ 1 ᠮᠢᠨᠦ᠋ᠲ᠂ ᠰᠡᠳᠦᠪ ᠬᠠᠷᠢᠭᠤᠯᠬᠤ ᠴᠠᠭ ᠨᠢ 40 ᠰᠧᠺᠦ᠋ᠨ᠋ᠳ᠋᠂ ᠰᠡᠳᠦᠪ ᠬᠠᠷᠢᠭᠤᠯᠬᠤ ᠴᠠᠭ ᠠᠴᠠ ᠬᠡᠲᠦᠷᠡᠪᠡᠯ ᠪᠤᠷᠤᠭᠤ ᠪᠤᠳᠤᠨ᠎ᠠ︔ ᠰᠡᠳᠦᠪ ᠬᠠᠷᠢᠭᠤᠯᠬᠤ ᠳᠠᠭᠠᠨ ᠳᠤᠮᠳᠠ ᠠᠴᠠ ᠨᠢ ᠤᠬᠤᠷᠢᠵᠤ  ᠭᠠᠷᠪᠠᠯ ᠬᠦᠴᠦᠨ ᠦᠭᠡᠢ᠂ ᠭᠡᠪᠡᠴᠦ ᠲᠣᠰ ᠡᠳᠦᠷ ᠤᠨ ᠰᠡᠳᠦᠪ ᠬᠠᠷᠢᠭᠤᠯᠤᠭᠰᠠᠨ ᠤᠳᠠᠭ᠎ᠠ ᠳᠤ ᠪᠤᠳᠤᠵᠤ ᠣᠷᠣᠭᠤᠯᠤᠨ᠎ᠠ︔ ᠡᠳᠦᠷ ᠪᠦᠷᠢ ᠶᠢᠨ ᠰᠡᠳᠦᠪ ᠬᠠᠷᠢᠭᠤᠯᠤᠭᠰᠠᠨ ᠬᠢᠷᠢ ᠪᠦᠲᠦᠮᠵᠢ ᠶᠢ ᠶᠡᠷᠦᠩᠬᠡᠢ ᠬᠤᠪᠢ ᠳᠤ ᠳᠠᠪᠬᠤᠴᠠᠭᠤᠯᠤᠨ ᠪᠤᠳᠤᠵᠤ ᠣᠷᠣᠭᠤᠯᠤᠭᠠᠳ ᠨᠡᠷᠡᠰ ᠤᠨ ᠵᠢᠭᠰᠠᠭᠠᠯᠲᠠ ᠳᠤ ᠣᠷᠣᠭᠤᠯᠤᠨ᠎ᠠ᠃      2᠂ ᠰᠡᠳᠦᠪ ᠬᠠᠷᠢᠭᠤᠯᠬᠤ ᠠᠭᠤᠯᠭ᠎ᠠ      ᠰᠡᠳᠦᠪ ᠬᠠᠷᠢᠭᠤᠯᠬᠤ ᠠᠭᠤᠯᠭ᠎ᠠ ᠳᠤ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ︽ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠬᠥᠳᠡᠯᠮᠦᠷᠢ ᠶᠢᠨ ᠬᠠᠤᠯᠢ︾᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠠᠵᠢᠯᠴᠢᠨ ᠤ ᠡᠪᠯᠡᠯ ᠤᠨ ᠬᠠᠤᠯᠢ︾᠂ ︽ᠡᠮ ᠡᠮᠨᠡᠯᠭᠡ ᠶᠢᠨ ᠬᠠᠪᠰᠤᠷᠤᠯᠴᠠᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠᠭᠲᠠᠨ᠎ᠠ᠃      3᠂ ᠣᠷᠣᠯᠴᠠᠬᠤ ᠠᠷᠭ᠎ᠠ ᠬᠡᠯᠪᠡᠷᠢ      ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠸᠢᠴᠠᠲ ᠤᠨ ᠨᠡᠶᠢᠲᠡ ᠶᠢᠨ ᠳ᠋ᠤᠭᠠᠷ ᠢ ᠨᠡᠭᠡᠭᠡᠵᠦ᠂ ᠰᠠᠭᠤᠷᠢ ᠲᠣᠪᠶᠤᠭ ᠤᠨ ︽ᠬᠠᠷᠢᠯᠴᠠᠨ ᠣᠷᠣᠯᠴᠠᠬᠤ︾᠂ ︽ᠠᠵᠢᠯᠯᠠᠭ᠎ᠠ ᠶᠢᠨ ᠲᠤᠰᠬᠠᠢ ᠣᠷᠣᠨ︾ ᠢ ᠲᠣᠪᠴᠢᠳᠠᠨ᠂ ᠲᠣᠰ ᠤᠳᠠᠭᠠᠨ ᠤ ᠠᠵᠢᠯᠯᠠᠭ᠎ᠠ ᠶᠢ ᠰᠣᠩᠭᠤᠵᠤ ᠰᠡᠳᠦᠪ ᠬᠠᠷᠢᠭᠤᠯᠤᠨ᠎ᠠ᠃ ᠪᠤᠰᠤᠳ ᠤᠨ ᠬᠤᠪᠢᠶᠠᠯᠴᠠᠭᠰᠠᠨ ᠴᠥᠷᠬᠡᠯᠡᠭᠡ ᠪᠠᠷ ᠰᠡᠳᠦᠪ ᠬᠠᠷᠢᠭᠤᠯᠬᠤ ᠳᠤ ᠣᠷᠣᠭᠰᠠᠨ ᠴᠤ ᠪᠣᠯᠣᠨ᠎ᠠ᠃      ᠲᠠᠪᠤ᠂ ᠠᠩᠬᠠᠷᠬᠤ ᠵᠦᠢᠯ      1᠂ ᠲᠤᠰ ᠤᠳᠠᠭᠠᠨ ᠤ ᠠᠵᠢᠯᠯᠠᠭ᠎ᠠ ᠳᠤ ᠵᠥᠪᠬᠡᠨ ᠠᠵᠢᠯᠴᠢᠨ ᠤ ᠡᠪᠯᠡᠯ ᠤᠨ ᠭᠡᠰᠢᠭᠦᠨ ᠣᠷᠣᠯᠴᠠᠨ᠎ᠠ᠂ ᠠᠵᠢᠯᠴᠢᠨ ᠤ ᠡᠪᠯᠡᠯ ᠤᠨ ᠭᠡᠰᠢᠭᠦᠨ ᠪᠤᠰᠤ ᠬᠥᠮᠥᠨ ᠰᠡᠳᠦᠪ ᠬᠠᠷᠢᠭᠤᠯᠤᠭᠰᠠᠨ ᠨᠢ ᠬᠦᠴᠦᠨ ᠦᠭᠡᠢ᠃      2᠂ ᠰᠡᠳᠦᠪ ᠬᠠᠷᠢᠭᠤᠯᠬᠤ ᠳᠤ ᠣᠷᠣᠯᠴᠠᠭᠰᠠᠳ ᠴᠥᠮ ᠦᠨᠡᠨ ᠪᠣᠳᠠᠲᠠᠢ ᠮᠡᠳᠡᠭᠡ ᠵᠠᠩᠭᠢ ᠶᠢ ᠲᠠᠭᠯᠠᠨ ᠪᠢᠴᠢᠬᠦ ᠬᠡᠷᠡᠭᠲᠡᠢ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠮᠡᠳᠡᠭᠡ ᠵᠠᠩᠭᠢ ᠶᠢ ᠪᠦᠷᠢᠨ ᠲᠠᠭᠯᠠᠭᠰᠠᠨ ᠦᠭᠡᠢ ᠪᠤᠶᠤ ᠪᠤᠷᠤᠭᠤ ᠲᠠᠭᠯᠠᠭᠰᠠᠨ ᠠᠴᠠ ᠪᠣᠯᠵᠤ ᠬᠤᠯᠪᠣᠭ᠎ᠠ ᠠᠪᠬᠤ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠲᠤᠰ ᠠᠵᠢᠯᠯᠠᠭ᠎ᠠ ᠳᠤ ᠣᠷᠣᠯᠴᠠᠬᠤ ᠪᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃      3᠂ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠢᠨ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯᠲᠠᠨ ᠠᠵᠢᠯᠴᠢᠨ   ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ ᠶᠢ ᠬᠦᠰᠡᠵᠦ ᠪᠠᠶᠢᠨ᠎ᠠ᠃                ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ                     2023 ᠣᠨ ᠤ 5 ᠳ᠋ᠤᠭᠠᠷ ᠰᠠᠷ᠎ᠠ ᠶᠢᠨ 25 ᠤ ᠡᠳᠦᠷᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1