2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠬᠡᠰᠡᠭ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠵᠠᠬᠢᠷᠤᠯᠲᠠ ᠬᠠᠮᠢᠶᠠᠷᠤᠯᠲᠠ ᠶᠠᠪᠤᠭᠤᠯᠬᠤ ᠲᠤᠬᠠᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠭᠲᠠᠬᠤ ᠰᠢᠶᠠᠨ ᠤ ᠶᠡᠭᠡ ᠠᠩᠭᠢ ᠶᠢᠨ ᠵᠠᠷᠯᠠᠯ
ᠨᠡᠶᠢᠲᠡᠯᠡᠭᠰᠡᠨ ᠴᠠᠭ᠄
2023/6/1
      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠭᠲᠠᠬᠤ ᠰᠢᠶᠠᠨ ᠤ ᠶᠡᠭᠡ ᠠᠩᠭᠢ 2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠬᠡᠰᠡᠭ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠵᠠᠬᠢᠷᠤᠯᠲᠠ ᠶᠢ ᠬᠡᠷᠡᠭᠵᠢᠭᠦᠯᠬᠦ ᠵᠠᠷᠯᠠᠯ      2023 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢ 2023 ᠣᠨ ᠤ 6 ᠰᠠᠷ᠎ᠠ ᠶᠢᠨ 7᠂ 8᠂ 9 ᠤ ᠡᠳᠦᠷ ᠶᠠᠪᠤᠭᠳᠠᠭᠤᠯᠤᠨ᠎ᠠ᠃ ᠮᠠᠨ ᠤ ᠰᠢᠶᠠᠨ ᠳᠤ ᠲᠣᠭᠲᠠᠬᠤ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠨᠢᠭᠡ ᠰᠢᠯᠭᠠᠯᠲᠠ ᠶᠢᠨ ᠴᠡᠭ ᠭᠠᠷᠭᠠᠪᠠ᠂ ᠰᠢᠯᠭᠠᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠮᠠᠨ ᠤ ᠰᠢᠶᠠᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠭᠲᠠᠬᠤ ᠰᠢᠶᠠᠨ ᠤ ᠶᠡᠭᠡ ᠠᠩᠭᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠬᠤᠷᠢᠨ ᠲᠠᠪᠤᠳᠤᠭᠠᠷ ᠵᠦᠢᠯ᠂ ᠭᠤᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠳᠣᠣᠷᠠᠬᠢ ᠮᠡᠲᠦ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠶᠢ ᠠᠪᠤᠪᠠ᠄      ᠨᠢᠭᠡ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠴᠠᠭ      6  ᠳ᠋ᠤᠭᠠᠷ ᠰᠠᠷ᠎ᠠ ᠶᠢᠨ 7 ᠤ ᠡᠳᠦᠷ ᠤᠨ 7᠄ 00 ︱ 18᠄ 00      6 ᠳ᠋ᠤᠭᠠᠷ ᠰᠠᠷ᠎ᠠ ᠶᠢᠨ 8 ᠤ ᠡᠳᠦᠷ ᠤᠨ 7᠄ 00 ︱ 18᠄ 00      6 ᠳ᠋ᠤᠭᠠᠷ ᠰᠠᠷ᠎ᠠ ᠶᠢᠨ 9 ᠤ ᠡᠳᠦᠷ ᠤᠨ 7᠄ 00 ︱ 11᠄ 50      ᠬᠤᠶᠠᠷ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠵᠠᠮ ᠤᠨ ᠬᠡᠰᠡᠭ      ᠲᠣᠭᠲᠠᠬᠤ ᠶᠡᠭᠡ ᠵᠡᠭᠡᠯᠢ ᠶᠢᠨ ᠬᠤᠨ ᠭᠠᠯᠠᠭᠤ ᠠᠴᠠ ᠰᠠᠨ ᠴᠢᠶᠠᠨ ᠫᠦ᠋ ᠬᠦᠷᠬᠦ ᠵᠠᠮ ᠤᠨ ᠬᠡᠰᠡᠭ      ᠰᠢᠯᠭᠠᠯᠲᠠ ᠶᠢᠨ ᠭᠠᠵᠠᠷ ᠤᠨ ᠣᠶᠢᠷ᠎ᠠ ᠬᠠᠪᠢ ᠶᠢᠨ ᠵᠠᠮ ᠲᠦᠭᠵᠢᠷᠡᠬᠦ ᠠᠴᠠ ᠵᠠᠶᠢᠯᠠᠰᠬᠢᠬᠦ ᠶᠢᠨ ᠲᠥᠯᠥᠭᠡ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠲᠠᠢ ᠬᠠᠮᠢᠶ᠎ᠠ ᠦᠭᠡᠢ ᠲᠡᠷᠭᠡ ᠬᠥᠰᠬᠡ ᠨᠦᠭᠦᠳ ᠪᠤᠰᠤᠳ ᠵᠠᠮ ᠢ ᠤᠷᠢᠳᠴᠢᠯᠠᠨ ᠰᠣᠩᠭᠤᠵᠤ ᠲᠣᠭᠤᠷᠢᠵᠤ ᠶᠠᠪᠤᠭᠠᠷᠠᠢ᠂ ᠰᠢᠯᠭᠠᠭᠤᠯᠤᠭᠴᠢ ᠶᠢ ᠲᠤᠰᠴᠤ ᠬᠦᠷᠭᠡᠬᠦ ᠲᠡᠷᠭᠡ ᠬᠥᠰᠬᠡ  ᠶᠢᠨ ᠳᠠᠷᠤᠶᠢᠬᠠᠨ ᠵᠤᠭᠰᠤᠵᠤ ᠳᠠᠷᠤᠶᠢᠬᠠᠨ ᠶᠠᠪᠤᠬᠤ ᠶᠢ ᠪᠠᠳᠤᠯᠠᠨ᠎ᠠ᠂ ᠥᠷᠭᠡᠨ ᠣᠯᠠᠨ ᠬᠤᠲᠠ ᠶᠢᠨ ᠠᠷᠠᠳ ᠂ ᠥᠷᠭᠡᠨ ᠣᠯᠠᠨ ᠵᠢᠯᠣᠭᠤᠴᠢ ᠨᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠢ ᠬᠠᠮᠠᠭᠠᠯᠠᠬᠤ ᠠᠵᠢᠯ ᠳᠤ ᠳᠡᠮᠵᠢᠯᠭᠡ ᠦᠵᠡᠭᠦᠯᠵᠦ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠵᠢᠵᠢᠭᠦᠷᠯᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠳᠠᠭᠠᠵᠤ᠂ ᠬᠠᠮᠲᠤ ᠪᠠᠷ ᠭᠠᠷ ᠬᠤᠯᠪᠣᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢ ᠬᠠᠮᠠᠭᠠᠯᠠᠬᠤ ᠶᠢ ᠬᠦᠰᠡᠵᠦ ᠪᠠᠶᠢᠨ᠎ᠠ᠃             ᠡᠭᠦᠨ ᠤ ᠲᠤᠯᠠ ᠣᠨᠴᠠᠭᠠᠶᠢᠯᠠᠨ ᠵᠠᠷᠯᠠᠪᠠ       ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠭᠲᠠᠬᠤ ᠰᠢᠶᠠᠨ ᠤ ᠶᠡᠭᠡ ᠠᠩᠬᠢ                    2023 ᠣᠨ ᠤ 5 ᠳ᠋ᠤᠭᠠᠷ ᠰᠠᠷ᠎ᠠ ᠶᠢᠨ 31 ᠤ ᠡᠳᠦᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1