ᠲᠥᠷᠥ ᠶᠢᠨ ᠶᠠᠪᠤᠳᠠᠯ ᠤᠨ ᠬᠤᠷᠢᠶᠠᠨ ᠤ ︽ᠪᠥᠬᠦ ᠤᠯᠤᠰ ᠤᠨ ᠴᠠᠭᠠᠨ ᠰᠠᠷ᠎ᠠ ᠵᠢᠴᠢ ᠳᠤᠷᠠᠰᠬᠠᠯ ᠤᠨ | ᠡᠳᠦᠷ ᠠᠮᠠᠷᠠᠯᠲᠠ ᠲᠠᠯᠪᠢᠬᠤ ᠠᠷᠭ᠎ᠠ︾ ᠶᠢ ᠦᠨᠳᠦᠰᠦᠯᠡᠨ ᠬᠡᠦᠬᠡᠳ ᠤᠨ ᠪᠠᠶᠠᠷ ︵6 ᠰᠠᠷ᠎ᠠ ᠶᠢᠨ 1 ᠤ ᠡᠳᠦᠷ︶ | ᠲᠤ ᠬᠡᠰᠡᠭ ᠠᠷᠠᠳ ᠢᠷᠭᠡᠳ ᠤᠨ ᠠᠮᠠᠷᠠᠯᠲᠠ ᠲᠠᠯᠪᠢᠬᠤ ᠪᠠᠶᠠᠷ ᠤᠨ ᠡᠳᠦᠷ ᠵᠢᠴᠢ ᠳᠤᠷᠠᠰᠬᠠᠯ ᠤᠨ ᠡᠳᠦᠷ ᠲᠤ | ᠵᠤᠷᠢᠭᠤᠯᠤᠨ ᠪᠦᠬᠦᠯᠢ 14 ᠨᠠᠰᠤ ᠬᠦᠷᠦᠭᠡᠳᠦᠢ ᠪᠠᠭᠠᠴᠤᠳ ᠬᠡᠦᠬᠡᠳ ᠲᠤ 1 ᠡᠳᠦᠷ ᠤᠨ ᠴᠢᠯᠦᠭᠡ ᠲᠠᠯᠪᠢᠨ᠎ᠠ᠃ | ᠬᠡᠦᠬᠡᠳ ᠤᠨ ᠪᠠᠶᠠᠷ ᠤᠨ ᠡᠳᠦᠷ ᠳᠡᠭᠡᠷ᠎ᠡ ᠭᠠᠷᠠᠭ ᠤᠨ ᠡᠳᠦᠷ ᠢ ᠨᠡᠮᠡᠭᠡᠳ᠂ 3 ᠡᠳᠦᠷ ᠴᠢᠯᠦᠭᠡ ᠲᠠᠯᠪᠢᠨ᠎ᠠ ᠭᠡᠵᠦ | ᠲᠣᠭᠲᠠᠭᠠᠪᠠ︕ | ᠬᠡᠤᠬᠡᠳ ᠤᠨ ᠭᠡᠷ ᠠᠬᠠᠮᠠᠳ ᠲᠤ ᠪᠠᠰᠠ ᠴᠢᠯᠦᠭᠡ ᠲᠠᠯᠪᠢᠬᠤ ᠶᠢ ᠴᠥᠭᠡᠨ ᠪᠤᠰᠤ ᠰᠦᠯᠵᠢᠶᠡᠨ ᠤ ᠨᠠᠶᠢᠵᠠ | ᠨᠠᠷ ᠬᠦᠰᠡᠵᠦ ᠪᠠᠶᠢᠨ᠎ᠠ᠃ | ᠡᠭᠦᠨ ᠠᠴᠠ ᠭᠠᠳᠠᠨ᠎ᠠ᠂ 8 ᠰᠠᠷ᠎ᠠ ᠶᠢᠨ 1 ᠤ ᠡᠳᠦᠷ ᠪᠣᠯ ᠬᠡᠰᠡᠭ ᠠᠷᠠᠳ ᠢᠷᠭᠡᠳ ᠤᠨ ᠠᠮᠠᠷᠠᠯᠲᠠ | ᠲᠠᠯᠪᠢᠬᠤ ᠡᠳᠦᠷ ᠪᠤᠯᠤᠨ᠎ᠠ᠄ | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ ᠳᠤᠷᠠᠰᠬᠠᠯ ᠤᠨ ᠡᠳᠦᠷ ︵8 | ᠰᠠᠷ᠎ᠠ ᠶᠢᠨ1 ᠤ ᠡᠳᠦᠷ︶ ᠠᠯᠪᠠᠨ ᠴᠡᠷᠢᠭ ᠬᠠᠭᠠᠰ ᠡᠳᠦᠷ ᠴᠢᠯᠦᠭᠡ ᠲᠠᠯᠪᠢᠨ᠎ᠠ᠃ | ᠡᠨᠡ ᠵᠢᠯ ᠪᠠᠰᠠ ᠶᠠᠮᠠᠷ ᠶᠠᠮᠠᠷ ᠴᠢᠯᠥᠭᠡ ᠪᠠᠶᠢᠬᠤ ᠪᠤᠶ︖ ᠬᠠᠮᠲᠤ ᠪᠠᠷ ᠦᠵᠡᠶ᠎ᠡ︕ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ 6 ᠰᠠᠷ᠎ᠠ ᠶᠢᠨ 22 ᠤᠨ ᠡᠳᠦᠷ ᠠᠴᠠ 24 ᠤ | ᠡᠳᠦᠷ ᠪᠣᠯᠲᠠᠯ᠎ᠠ ᠨᠡᠶᠢᠲᠡ 3 ᠡᠳᠦᠷ ᠴᠢᠯᠦᠭᠡ ᠲᠠᠯᠪᠢᠨ᠎ᠡ᠃ 6 ᠰᠠᠷ᠎ᠠ ᠶᠢᠨ 25 ᠤ ᠡᠳᠦᠷ ︵ᠭᠠᠷᠠᠭ ᠤᠨ ᠡᠳᠦᠷ︶ | ᠠᠵᠢᠯᠯᠠᠨ᠎ᠠ᠃ | ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ 9 ᠰᠠᠷ᠎ᠠ ᠶᠢᠨ 29 ᠤ ᠡᠳᠦᠷ ᠠᠴᠠ 10 | ᠰᠠᠷ᠎ᠠ ᠶᠢᠨ 6 ᠤ ᠡᠳᠦᠷ ᠪᠣᠯᠲᠠᠯ᠎ᠠ ᠨᠡᠶᠢᠲᠡ 8 ᠡᠳᠦᠷ ᠴᠢᠯᠦᠭᠡ ᠲᠠᠯᠪᠢᠨ᠎ᠠ᠃ 10 ᠰᠠᠷ᠎ᠠ ᠶᠢᠨ 7 ᠤ ᠡᠳᠦᠷ ︵ | ᠭᠠᠷᠠᠭ ᠤᠨ ᠵᠢᠷᠭᠤᠭᠠᠨ︶ 10 ᠰᠠᠷ᠎ᠠ ᠶᠢᠨ 8 ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃ | ᠢᠷᠡᠯᠳᠡ᠄ ᠠᠷᠠᠳ ᠤᠨ ᠰᠦᠯᠵᠢᠶ᠎ᠡ | |