ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ | ᠮᠡᠳᠡᠭᠳᠡᠯ ᠪᠠᠭᠤᠯᠭᠠᠵᠤ᠂ ᠣᠷᠣᠨ ᠨᠤᠲᠤᠭ ᠤᠨ ᠬᠢᠨ ᠰᠢᠲᠠᠮᠠᠬᠠᠶ ᠬᠡᠶ ᠶᠢᠨ ᠭᠤᠮ ᠵᠥᠭᠡᠯᠡᠨ ᠬᠤᠭᠤᠯᠠᠶ ᠶᠢᠨ ᠠᠮᠤᠷ | ᠲᠦᠪᠰᠢᠨ ᠤ ᠳᠠᠯᠳᠠ ᠬᠡᠮ ᠢ ᠲᠦᠷᠭᠡᠪᠴᠢᠯᠡᠨ ᠵᠢᠭᠰᠠᠭᠠᠨ ᠪᠠᠶᠢᠴᠠᠭᠠᠵᠤ ᠴᠡᠭᠴᠡᠯᠡᠵᠦ ᠰᠠᠶᠢᠵᠢᠷᠠᠭᠤᠯᠤᠨ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ | ᠱᠠᠭᠠᠷᠳᠠᠪᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠡᠯ᠎ᠡ | ᠭᠠᠵᠠᠷ ᠤᠨ ᠬᠢᠨ ᠡᠷᠦᠬᠡ ᠳᠠᠷᠠᠭᠠᠯᠠᠨ ᠪᠠᠶᠢᠴᠠᠭᠠᠨ ᠣᠶᠢᠯᠠᠭᠠᠵᠤ᠂ ᠬᠤᠲᠠ ᠪᠠᠯᠭᠠᠰᠤᠨ ᠤ ᠰᠢᠲᠠᠮᠠᠬᠠᠶ ᠬᠡᠶ ᠬᠡᠷᠡᠭᠯᠡᠬᠦ | ᠡᠷᠦᠬᠡ ᠶᠢᠨ ᠭᠤᠮ ᠵᠥᠭᠡᠯᠡᠨ ᠬᠤᠭᠤᠯᠠᠶ ᠵᠢᠴᠢ ᠭᠤᠮ ᠵᠥᠭᠡᠯᠡᠨ ᠬᠤᠭᠤᠯᠠᠶ ᠬᠡᠷᠡᠭᠯᠡᠬᠦ ᠲᠠᠯ᠎ᠠ ᠪᠠᠷ ᠬᠠᠭᠤᠴᠢᠷᠠᠭᠰᠠᠨ᠂ | ᠬᠢᠷᠢ ᠲᠡᠩᠴᠡᠭᠦ ᠥᠬᠡᠶ ᠪᠠᠶᠢᠬᠤ ᠵᠡᠷᠭᠡ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠲᠣᠳᠣᠷᠬᠠᠶ | ᠣᠶᠢᠯᠠᠭᠠᠬᠤ ᠬᠡᠷᠡᠭᠲᠡᠶ᠃ ᠣᠶᠢᠯᠠᠭᠠᠵᠤ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠦᠨᠳᠦᠰᠦᠯᠡᠨ᠂ ᠡᠯ᠎ᠡ | ᠭᠠᠵᠠᠷ ᠤᠳ ᠲᠤᠰ ᠭᠠᠵᠠᠷ ᠣᠷᠣᠨ ᠤ ᠪᠠᠨ ᠰᠢᠲᠠᠮᠠᠬᠠᠶ ᠬᠡᠢ ᠶᠢᠨ ᠭᠤᠮ ᠵᠥᠭᠡᠯᠡᠨ ᠬᠤᠭᠤᠯᠠᠶ ᠶᠢ ᠰᠣᠯᠢᠬᠤ | ᠠᠵᠢᠯ ᠤᠨ ᠲᠥᠯᠥᠪᠯᠡᠭᠡ ᠪᠠᠨ ᠱᠠᠯᠠᠪᠳᠠᠨ ᠰᠤᠳᠤᠯᠤᠨ ᠲᠣᠭᠲᠠᠭᠠᠵᠤ᠂ ᠬᠤᠲᠠ ᠶᠢᠨ ᠰᠢᠲᠠᠮᠠᠬᠠᠶ ᠬᠡᠢ ᠶᠢᠨ | ᠬᠤᠭᠤᠯᠠᠶ ᠶᠢᠨ ᠬᠠᠭᠤᠴᠢᠷᠬᠠᠰᠠᠨ ᠢ ᠰᠢᠨᠡᠳᠬᠡᠨ ᠥᠭᠡᠷᠡᠴᠢᠯᠡᠬᠦ ᠪᠠ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ | ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠠᠮᠤᠷ | ᠲᠦᠪᠰᠢᠨ ᠤ ᠳᠠᠯᠳᠠ ᠭᠡᠮ ᠲᠠᠢ ᠭᠤᠮ ᠵᠥᠭᠡᠯᠡᠨ ᠬᠤᠭᠤᠯᠠᠶ ᠶᠢ ᠪᠦᠬᠦ ᠲᠠᠯ᠎ᠠ ᠪᠠᠷ ᠰᠣᠯᠢᠬᠤ ᠬᠡᠷᠡᠭᠲᠡᠶ ᠭᠡᠵᠦ | ᠲᠣᠳᠣᠷᠬᠠᠶ ᠲᠣᠭᠲᠠᠭᠠᠪᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠪᠠᠰᠠ ᠡᠯ᠎ᠡ | ᠭᠠᠵᠠᠷ ᠤᠨ ᠬᠢᠨ ᠢ ᠰᠢᠲᠠᠮᠠᠬᠠᠶ ᠬᠡᠶ ᠡᠵᠡᠩᠨᠡᠬᠦ ᠠᠵᠤ ᠠᠬᠤᠶᠢᠯᠠᠯ ᠤᠨ ᠬᠠᠮᠢᠶᠠᠷᠤᠯᠲᠠ ᠪᠠᠨ ᠬᠠᠤᠯᠢ ᠲᠣᠭᠲᠠᠭᠠᠯ | ᠶᠣᠰᠣᠭᠠᠷ ᠴᠢᠩᠭᠠᠳᠬᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠷᠦᠬᠡ ᠳᠤ ᠣᠷᠣᠬᠤ ᠠᠮᠤᠷ | ᠲᠦᠪᠰᠢᠨ ᠤ ᠪᠠᠶᠢᠴᠠᠭᠠᠯᠲᠠ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ | ᠪᠦᠷᠢᠨᠰᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ᠃ ᠰᠢᠲᠠᠮᠠᠬᠠᠶ ᠬᠡᠢ ᠡᠵᠡᠩᠨᠡᠵᠦ ᠪᠠᠶᠢᠭ᠎ᠠ ᠠᠵᠤ | ᠠᠬᠤᠶᠢᠯᠠᠯ ᠤᠳ ᠰᠢᠲᠠᠮᠠᠬᠠᠶ ᠬᠡᠢ ᠶᠢᠨ ᠡᠷᠦᠬᠡ ᠶᠢᠨ ᠳᠣᠲᠣᠷᠠᠬᠢ ᠵᠥᠭᠡᠯᠡᠨ ᠬᠤᠭᠤᠯᠠᠶ ᠶᠢᠨ ᠪᠠᠶᠢᠳᠠᠯ ᠢ ᠵᠠᠪᠠᠯ | ᠪᠠᠶᠢᠴᠠᠭᠠᠬᠤ ᠠᠭᠤᠯᠭ᠎ᠠ ᠪᠣᠯᠭᠠᠵᠤ᠂ ᠭᠡᠷ ᠲᠤᠨᠢ ᠬᠦᠷᠴᠦ ᠪᠠᠶᠢᠴᠠᠭᠠᠬᠤ ᠪᠠᠷ ᠳᠠᠮᠵᠢᠭᠤᠯᠤᠨ ᠬᠡᠷᠡᠭᠯᠡᠬᠦ ᠡᠷᠦᠬᠡ ᠶᠢᠨ | ᠠᠶᠤᠯ ᠦᠭᠡᠶ ᠪᠠᠷ ᠬᠡᠢ ᠬᠡᠷᠡᠭᠯᠡᠬᠦ ᠬᠤᠯᠪᠣᠭᠳᠠᠯ ᠪᠦᠬᠦᠢ ᠪᠠᠶᠢᠳᠠᠯ ᠢ ᠬᠥᠳᠡᠯᠦᠩᠭᠦᠶ ᠪᠠᠷ ᠡᠵᠡᠮᠰᠢᠬᠦ ᠬᠡᠷᠡᠭᠲᠡᠶ︔ | ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠨᠢᠭᠡ ᠬᠡᠰᠡᠭ ᠬᠤᠭᠤᠴᠠᠭ᠎ᠠ ᠡᠵᠡᠩᠨᠡᠯᠲᠡ ᠲᠠᠰᠤᠷᠠᠭᠰᠠᠨ ᠤ | ᠳᠠᠷᠠᠭ᠎ᠠ ᠡᠵᠡᠩᠨᠡᠯᠲᠡ ᠪᠠᠨ ᠰᠡᠷᠭᠦᠭᠡᠭᠰᠡᠨ ᠪᠣᠯ ᠰᠢᠲᠠᠮᠠᠬᠠᠶ ᠬᠡᠢ ᠶᠢᠨ ᠵᠥᠭᠡᠯᠡᠨ ᠬᠤᠭᠤᠯᠠᠶ ᠶᠢ ᠬᠡᠷᠡᠭᠯᠡᠵᠦ ᠪᠠᠶᠢᠭ᠎ᠠ | ᠪᠠᠶᠢᠳᠠᠯ ᠵᠡᠷᠭᠡ ᠠᠮᠤᠷ ᠲᠦᠪᠰᠢᠨ ᠤ ᠪᠠᠶᠢᠴᠠᠭᠠᠯᠲᠠ ᠶᠢ ᠡᠷᠬᠡᠪᠰᠢ ᠬᠢᠵᠦ᠂ ᠠᠶᠤᠯ ᠦᠭᠡᠶ ᠪᠠᠷ ᠬᠡᠢ ᠬᠡᠷᠡᠭᠯᠡᠬᠦ ᠶᠢ | ᠰᠠᠨᠠᠭᠤᠯᠬᠤ ᠶᠢ ᠵᠡᠷᠭᠡ ᠳᠤᠨᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠢᠷᠡᠯᠳᠡ᠄ ᠠᠷᠠᠳ ᠤᠨ ᠰᠦᠯᠵᠢᠶ᠎ᠡ | |