2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠲᠥᠰᠥᠯ ᠤᠨ ᠲᠤᠬᠠᠢ ᠲᠣᠭᠲᠠᠬᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2023/6/10
ᠤᠯᠤᠰ ᠤᠨ ᠬᠤᠭᠤᠯᠠᠢ ᠲᠣᠣᠷ ᠤᠨ ᠪᠡᠭᠡᠵᠢᠩ ᠤᠨ ᠬᠤᠭᠤᠯᠠᠢ ᠲᠤᠤᠷ ᠤᠨ ᠺᠤᠮᠫᠠᠨᠢ ᠶᠢᠨ ᠥᠪᠥᠷ ᠮᠣᠩᠭᠤᠯ ᠤᠨ ᠲᠣᠰᠣ ᠬᠡᠢ ᠳᠠᠮᠵᠢᠭᠤᠯᠬᠤ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠰᠢᠨ ᠱᠧᠩ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠬᠢᠵᠠᠭᠠᠷᠲᠤ ᠺᠣᠮᠫᠠᠨᠢ ᠶᠢᠨ ᠲᠣᠭᠲᠠᠬᠤ ᠬᠤᠪᠢᠶᠠᠷᠢ ᠥᠷᠲᠡᠭᠡ᠄      ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠡᠨᠧᠷᠭᠢ ᠶᠢᠨ ᠰᠤᠷᠪᠤᠯᠵᠢ ᠶᠢᠨ ᠠᠵᠢᠯ ᠲᠦᠷᠦᠯ ᠤᠨ ᠠᠶᠤᠯᠭᠦᠢ ᠶᠢᠨ ᠤᠬᠠᠭᠤᠯᠭ᠎ᠠ ᠶᠢ ᠦᠨᠡᠨ ᠬᠦ ᠰᠠᠶᠢᠲᠤᠷ ᠬᠢᠵᠦ᠂ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠣᠨᠴᠠᠭᠠᠶᠢᠯᠠᠨ 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠲᠥᠰᠥᠯ ᠢ ᠲᠣᠭᠲᠠᠭᠠᠪᠠ᠂ ᠲᠥᠰᠥᠯ ᠤᠨ ᠶᠣᠰᠣᠭᠠᠷ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠭᠡᠷᠡᠢ᠃          ᠲᠣᠭᠲᠠᠬᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                    2023 ᠣᠨ ᠤ 6 ᠳ᠋ᠤᠭᠠᠷ ᠰᠠᠷ᠎ᠠ ᠶᠢᠨ 8 ᠤ ᠡᠳᠦᠷ      2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠲᠥᠰᠥᠯ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢ ᠡᠷᠡᠰ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠶᠢᠨ ᠲᠤᠬᠠᠢ ᠬᠤᠲᠠ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ ᠶᠣᠰᠣᠭᠠᠷ᠂ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠪᠠᠴᠢᠮ ᠪᠠᠶᠢᠳᠠᠯ ᠢ  ᠠᠷᠭᠠᠴᠠᠭᠠᠵᠦ ᠴᠢᠳᠠᠬᠤ︾ ᠭᠤᠣᠯ ᠰᠡᠳᠦᠪ ᠤᠨ ᠲᠣᠭᠤᠷᠢᠨ ᠳᠤ᠂ ᠣᠨᠴᠠᠭᠠᠶᠢᠯᠠᠨ 2023 ᠣᠨ ᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠲᠣᠭᠲᠠᠭᠠᠪᠠ᠂ ᠪᠣᠳᠠᠲᠠᠢ ᠲᠥᠰᠥᠯ ᠨᠢ ᠳᠣᠣᠷᠠᠬᠢ ᠮᠡᠲᠦ᠄      ᠨᠢᠭᠡ᠂ ᠠᠵᠢᠯᠯᠠᠭᠠᠨ ᠤ ᠬᠠᠷᠠᠯᠲᠠ      ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠬᠦᠰᠡᠯ ᠡᠷᠡᠮᠡᠯᠵᠡᠯ ᠪᠠ ᠴᠢᠳᠠᠪᠤᠷᠢ ᠶᠢ ᠨᠡᠮᠡᠭᠳᠡᠭᠦᠯᠦᠨ᠂ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃      ᠬᠤᠶᠠᠷ᠂ ᠠᠵᠢᠯᠯᠠᠭᠠᠨ ᠤ ᠴᠠᠭ      2023 ᠣᠨ ᠤ 6 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨᠡᠬᠢ 8᠄ 00      ᠭᠤᠷᠪᠠ᠂ ᠠᠵᠢᠯᠯᠠᠭ᠎ᠠ ᠬᠢᠬᠦ ᠭᠠᠵᠠᠷ      ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠵᠠᠰᠠᠭ ᠤᠨ ᠣᠷᠳᠣᠨ ᠤ ᠡᠰᠡᠷᠭᠦ ᠲᠠᠯ᠎ᠠ      ᠳᠥᠷᠪᠡ᠂ ᠠᠵᠢᠯᠯᠠᠭ᠎ᠠ ᠶᠢᠨ ᠭᠤᠣᠯ ᠰᠡᠳᠦᠪ      ᠬᠥᠮᠥᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠪᠠᠴᠢᠮ ᠪᠠᠶᠢᠳᠠᠯ ᠢ  ᠠᠷᠭᠠᠴᠠᠭᠠᠵᠦ ᠴᠢᠳᠠᠬᠤ      ᠲᠠᠪᠤ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ      ︵ᠨᠢᠭᠡ︶ ᠭᠤᠣᠯᠯᠠᠨ ᠡᠷᠬᠢᠯᠡᠬᠦ ᠨᠢᠭᠡᠴᠢ᠄ ᠲᠣᠭᠲᠠᠬᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ      ︵ᠬᠤᠶᠠᠷ︶ ᠳᠠᠭᠠᠭᠠᠨ ᠭᠦᠢᠴᠡᠳᠬᠡᠬᠦ ᠨᠢᠭᠡᠴᠢ᠄      ᠤᠯᠤᠰ ᠤᠨ ᠬᠤᠭᠤᠯᠠᠢ ᠲᠣᠣᠷ ᠤᠨ ᠪᠡᠭᠡᠵᠢᠩ ᠤᠨ ᠬᠤᠭᠤᠯᠠᠢ ᠲᠤᠤᠷ ᠤᠨ ᠺᠤᠮᠫᠠᠨᠢ ᠶᠢᠨ ᠥᠪᠥᠷ ᠮᠣᠩᠭᠤᠯ ᠤᠨ ᠲᠣᠰᠣ ᠬᠡᠢ ᠳᠠᠮᠵᠢᠭᠤᠯᠬᠤ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠰᠢᠨ ᠱᠧᠩ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠬᠢᠵᠠᠭᠠᠷᠲᠤ ᠺᠣᠮᠫᠠᠨᠢ ᠶᠢᠨ ᠲᠣᠭᠲᠠᠬᠤ ᠬᠤᠪᠢᠶᠠᠷᠢ ᠥᠷᠲᠡᠭᠡ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1