2023 ᠣᠨ ᠤ ᠪᠥᠬᠦ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠠᠰᠠᠭ ᠵᠠᠬᠢᠷᠭᠠᠨ ᠤ | ᠬᠠᠷᠢᠭᠤᠴᠠᠯᠭᠠᠲᠠᠨ ᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠵᠠᠷᠯᠠᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠳᠦᠷᠢᠮ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠩ ᠬᠠᠭᠰᠠᠷᠠᠭᠠᠨ ᠲᠠᠢ ᠲᠡᠮᠡᠴᠡᠬᠦ ᠳᠦᠷᠢᠮ︾ ᠤᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ | ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠬᠦ ᠲᠤᠬᠠᠢ ᠲᠣᠭᠲᠠᠭᠠᠯ ᠢ ᠦᠨᠳᠦᠰᠦᠯᠡᠨ᠂ ᠡᠳᠦᠭᠡ ᠪᠥᠬᠦ ᠣᠷᠣᠨ ᠤ | ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ ᠲᠣᠭᠤᠷᠢᠭ︶ ᠤ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠵᠠᠰᠠᠭ ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠭᠴᠢ ᠶᠢᠨ ᠨᠡᠷᠡᠰ ᠢ ᠨᠠᠶᠢᠳᠠᠯᠠᠪᠠ᠃ | ᠡᠯ᠎ᠡ ᠱᠠᠲᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠠᠰᠠᠭ ᠵᠠᠬᠢᠷᠭᠠᠨ ᠤ ᠬᠠᠷᠢᠭᠤᠴᠠᠯᠭᠠᠲᠠᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠩ ᠢ ᠡᠰᠡᠷᠭᠦᠴᠡᠬᠦ᠂ ᠶᠡᠭᠡ ᠠᠶᠤᠯ ᠢ | ᠵᠠᠪᠳᠤᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠨ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠵᠦ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ | ᠵᠣᠬᠢᠶᠠᠨ ᠪᠠᠶᠢᠭᠤᠯᠵᠤ ᠰᠠᠶᠢᠲᠤᠷ ᠬᠢᠨ᠎ᠡ᠃ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠠᠴᠠ | ᠪᠣᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ | ᠴᠠᠭᠠᠵᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | |