ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 106 ᠳ᠋ᠤᠭᠠᠷ ᠬᠤᠷᠠᠯᠳᠤᠭᠠᠨ | ᠬᠤᠷᠠᠯᠳᠤᠭᠤᠯᠪᠠ᠃ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶ᠎ᠠ᠂ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠥᠪᠥᠷ ᠮᠣᠩᠭᠤᠯ ᠳᠤ ᠬᠢᠯᠢ ᠶᠢ ᠬᠠᠮᠢᠶᠠᠷᠤᠨ ᠡᠵᠡᠮᠳᠡᠬᠦ ᠪᠠ | ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ | ᠰᠤᠳᠤᠯᠬᠤ ᠦᠶ᠎ᠡ ᠶᠢᠨ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ | 6 ᠳ᠋ᠤᠭᠠᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | 106 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠥᠪᠥᠷ ᠮᠣᠩᠭᠤᠯ ᠳᠤ | ᠬᠢᠯᠢ ᠶᠢ ᠬᠠᠮᠢᠶᠠᠷᠤᠨ ᠡᠵᠡᠮᠳᠡᠬᠦ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶ᠎ᠠ ᠶᠢ ᠤᠯᠠᠮᠵᠢᠯᠠᠨ | ᠰᠤᠷᠤᠯᠴᠠᠵᠠᠢ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠣᠯᠣᠨ | ᠬᠥᠬᠡᠬᠤᠲᠠ ᠶᠢᠨ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ | ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ | ᠱᠦᠵᠢ ᠸᠠᠩ ᠳ᠋ᠦᠩ ᠱᠧᠩ ᠬᠤᠷᠠᠯ ᠢ ᠡᠷᠭᠢᠯᠡᠪᠡ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ | ᠲᠤᠤᠱᠯᠠᠭᠤᠯᠬᠤ ᠡᠬᠢᠯᠡᠯᠲᠡ ᠶᠢᠨ ᠵᠢᠯ ᠳᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ | ᠵᠠᠩᠭᠢᠯᠠᠭ᠎ᠠ ᠶᠢᠨ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠂ ᠡᠨᠡ ᠪᠣᠯ ᠥᠪᠥᠷ ᠮᠣᠩᠭᠤᠯ ᠤᠨ | ᠬᠥᠭᠵᠢᠯᠲᠡ ᠶᠢᠨ ᠶᠠᠪᠤᠴᠠ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠡᠭᠡ ᠶᠠᠪᠤᠳᠠᠯ ᠪᠣᠯᠣᠨ᠎ᠠ᠂ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ | ᠰᠡᠳᠬᠢᠯᠭᠡ ᠲᠠᠢ ᠪᠠᠷ ᠬᠠᠯᠠᠮᠵᠢᠯᠠᠵᠤ ᠪᠠᠶᠢᠬᠤ ᠪᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠠᠢ᠃ ᠪᠦᠬᠦ ᠰᠢᠶᠠᠨ ᠢᠶᠠᠷ ᠢᠶᠠᠨ ᠵᠠᠪᠠᠯ ᠤᠯᠤᠰ ᠲᠥᠷᠥ ᠶᠢᠨ᠂ | ᠪᠠᠶᠢᠯᠳᠤᠬᠤ ᠪᠣᠳᠣᠯᠭ᠎ᠠ ᠶᠢᠨ᠂ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠶᠡᠷᠦᠩᠬᠡᠢ ᠱᠦᠵᠢ ᠰᠢ ᠶᠢᠨ ᠫᠢᠩ ᠤᠨ | ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠢ ᠪᠠᠲᠤᠲᠠᠢ | ᠵᠣᠷᠢᠭᠵᠢᠭᠤᠯᠵᠤ ᠪᠠᠶᠢᠬᠤ ᠪᠠ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ ᠴᠢᠩ ᠰᠡᠳᠬᠢᠯ ᠤᠨ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠬᠤᠪᠢ ᠳᠠᠬᠢᠨ ᠬᠦᠴᠦᠯᠡᠨ ᠴᠢᠷᠮᠠᠶᠢᠵᠤ᠂ | ᠪᠥᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠲᠣᠮᠣ ᠠᠯᠬᠤᠮ ᠢᠶᠠᠷ | ᠤᠷᠤᠭᠰᠢᠯᠠᠨ᠎ᠠ ᠭᠡᠵᠦ ᠵᠢᠭᠠᠨ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠲᠤᠶᠢᠯ ᠤᠨ ᠴᠢᠩᠭ᠎ᠠ ᠤᠯᠤᠰ | ᠲᠥᠷᠥᠴᠢ ᠴᠢᠨᠠᠷ᠂ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠲᠤᠭᠳᠠᠬᠤ ᠰᠢᠶᠠᠨ ᠤ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ ᠶᠢᠨ ᠰᠢᠨᠵᠢᠯᠡᠬᠦ ᠤᠬᠠᠭᠠᠨᠴᠢ ᠤᠨᠤᠯ ᠤᠨ ᠵᠢᠯᠣᠭᠤᠳᠤᠯᠭ᠎ᠠ ᠪᠠ ᠦᠨᠳᠦᠰᠦᠨ | ᠠᠵᠢᠯᠯᠠᠭ᠎ᠠ ᠶᠢᠨ ᠵᠢᠷᠤᠮᠯᠠᠯ ᠪᠣᠯᠣᠨ᠎ᠠ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ︽ | ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠬᠦ︾ ᠴᠢᠬᠤᠯᠠ ᠱᠠᠭᠠᠷᠳᠠᠯᠭ᠎ᠠ ᠶᠢ ᠣᠨᠣᠪᠴᠢᠲᠠᠶ | ᠡᠵᠡᠮᠰᠢᠵᠦ᠂ ᠰᠢᠨ᠎ᠡ ᠨᠢᠭᠡ ᠡᠭᠡᠯᠵᠢ ᠶᠢᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠬᠥᠭᠵᠢᠯᠲᠡ ᠶᠢᠨ ᠠᠵᠠ | ᠲᠣᠬᠢᠶᠠᠯ ᠢ ᠠᠮᠵᠢᠨ ᠠᠳᠬᠤᠵᠤ᠂ ᠠᠵᠤ ᠦᠢᠯᠡᠰ ᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ | ᠪᠠᠲᠤᠯᠠᠨ᠂ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ︽ᠭᠤᠷᠪᠠᠨ ᠶᠡᠭᠡ ᠭᠤᠷᠪᠠᠨ ᠢᠵᠢ ᠪᠦᠷᠢᠳᠦᠭᠦᠯᠬᠦ︾ ᠠᠵᠤ | ᠦᠢᠯᠡᠰ ᠤᠨ ᠠᠵᠢᠯᠯᠠᠭᠠᠨ ᠢ ᠰᠠᠶᠢᠲᠤᠷ ᠠᠳᠬᠤᠵᠤ᠂ ︽ᠳᠥᠷᠪᠡ ᠶᠢ ᠪᠠᠭᠤᠷᠠᠭᠤᠯᠵᠤ ᠨᠢᠭᠡ ᠶᠢ ᠰᠢᠯᠢᠳᠡᠭᠵᠢᠭᠦᠯᠬᠦ | ᠣᠷᠴᠢᠨ ᠲᠣᠭᠤᠷᠢᠨ ᠢ ᠨᠥᠬᠦᠪᠦᠷᠢᠯᠡᠬᠦ︾ ᠪᠠᠷ ᠳᠠᠮᠵᠢᠭᠤᠯᠤᠨ᠂ ᠪᠡᠯᠡ ᠣᠷᠣᠭᠤᠯᠤᠯᠲᠠ ᠶᠢᠨ ᠲᠠᠲᠠᠬᠤ ᠬᠦᠴᠦᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠰ ᠤᠨ ᠪᠥᠭᠡᠮᠨᠡᠷᠡᠯ ᠤᠨ ᠬᠡᠯᠬᠢᠶᠡᠵᠢᠭᠰᠡᠨ ᠬᠥᠭᠵᠢᠯᠲᠡ ᠶᠢ | ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ ᠭᠡᠵᠦ ᠴᠢᠬᠤᠯᠠᠴᠢᠯᠠᠪᠠ᠃ | ᠬᠤᠷᠠᠯ ᠠᠴᠠ᠂ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ︾ | ᠴᠢᠬᠤᠯᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠠᠵᠠ | ᠲᠣᠬᠢᠶᠠᠯ ᠢ ᠠᠮᠵᠢᠵᠤ᠂ ᠬᠤᠯᠪᠣᠭᠳᠠᠯ ᠪᠦᠬᠦᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ | ᠣᠷᠣᠭᠤᠯᠬᠤ ᠵᠡᠷᠭᠡ ᠠᠵᠢᠯ ᠢ ᠱᠠᠯᠠᠪᠳᠠᠨ ᠰᠠᠶᠢᠲᠤᠷ ᠬᠢᠬᠦ ᠬᠡᠷᠡᠭᠲᠡᠢ᠃ ᠬᠠᠲᠤᠨ ᠭᠤᠣᠯ ᠤᠨ ︽几︾ ᠦᠰᠦᠭ ᠤᠨ | ᠮᠤᠷᠤᠶᠢᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠠᠲᠤᠨ ᠭᠤᠣᠯ ᠳᠠᠭᠠᠤ ᠶᠢᠨ | ᠠᠮᠢ ᠠᠬᠤᠢ ᠶᠢᠨ ᠬᠤᠩᠭᠢᠯ ᠵᠠᠮ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠵᠤ᠂ ᠬᠠᠲᠤᠨ | ᠭᠤᠣᠯ᠂ ᠳ᠋ᠠ ᠾᠸᠢ ᠾᠧ ᠭᠤᠣᠯ ᠤᠨ ᠭᠤᠯᠳᠤᠷᠢᠯ ᠤᠨ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ ᠢᠨᠵᠧᠨᠧᠷᠢᠩ ᠢ | ᠢᠳᠡᠪᠬᠢᠲᠡᠢ ᠠᠬᠢᠭᠤᠯᠵᠤ᠂ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠦᠷᠭᠦᠯᠵᠢᠯᠡᠨ | ᠠᠬᠢᠭᠤᠯᠵᠤ᠂ ᠰᠢᠨ᠎ᠡ ᠮᠠᠶ᠋ᠢᠭ ᠤᠨ ᠰᠣᠶᠣᠯ ᠵᠤᠭᠠᠴᠠᠯ ᠤᠨ ᠡᠵᠡᠩᠨᠡᠯᠲᠡ ᠶᠢᠨ ᠬᠡᠯᠪᠡᠷᠢ ᠶᠢ ᠶᠡᠬᠡᠪᠡᠷ ᠬᠥᠭᠵᠢᠭᠦᠯᠬᠦ | ᠬᠡᠷᠡᠭᠲᠡᠢ᠃ ᠬᠠᠲᠤᠨ ᠭᠤᠣᠯ ᠤᠨ ᠤᠰᠤᠯᠠᠯᠲᠠ ᠶᠢᠨ ᠣᠷᠣᠨ ᠤᠰᠤᠯᠠᠯᠲᠠ ᠶᠢᠨ ᠠᠰᠠᠭᠤᠳᠠᠯ ᠢ ᠲᠦᠷᠭᠡᠪᠴᠢᠯᠡᠨ | ᠰᠢᠢᠳᠪᠦᠷᠢᠯᠡᠵᠦ᠂ ᠲᠠᠷᠢᠶᠠᠯᠠᠩ ᠤᠨ ᠤᠰᠤ ᠠᠷᠪᠢᠯᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠬᠤ ᠶᠢ | ᠲᠦᠯᠬᠢᠨ ᠠᠬᠢᠭᠤᠯᠬᠤ ᠬᠡᠷᠡᠭᠲᠡᠢ᠃ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠵᠤ᠂ ᠬᠠᠮᠢᠶ᠎ᠠ ᠪᠦᠬᠦᠢ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠦᠬᠦ ᠰᠢᠶᠠᠨ ᠤ ︽ | ᠨᠢᠭᠡ ᠰᠠᠭᠤᠷᠢ ᠡᠪᠡᠰᠦ ᠠᠴᠠ ᠨᠢᠭᠡ ᠴᠣᠮᠣ ᠰᠦ ᠬᠦᠷᠲᠡᠯ᠎ᠡ︾ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ︽ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ︾ ᠴᠢᠬᠤᠯᠠ | ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠡᠶᠢᠳᠬᠡᠵᠦ᠂ | ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠡᠮ | ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠦᠨᠡᠨ | ᠪᠣᠳᠠᠲᠠᠢ ᠪᠠᠷ ᠠᠷᠠᠳ ᠲᠦᠮᠡᠨ ᠳᠤ ᠤᠴᠢᠷ ᠶᠠᠪᠤᠳᠠᠯ ᠪᠦᠲᠦᠭᠡᠵᠦ᠂ ᠠᠷᠠᠳ ᠲᠦᠮᠡᠨ ᠳᠤ ᠪᠤᠶᠠᠨ ᠦᠢᠯᠡᠳᠬᠦ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ︾ ᠴᠢᠬᠤᠯᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠭᠦᠨᠵᠡᠭᠡᠢ | ᠥᠷᠨᠢᠭᠦᠯᠵᠦ᠂ ᠰᠢᠭᠢᠳᠬᠡᠯ ᠮᠠᠶ᠋ᠢᠭ ᠤᠨ ᠨᠡᠶᠢᠭᠡᠮ ᠤᠨ ᠪᠦᠲᠦᠴᠡ ᠪᠣᠯᠣᠨ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠩ ᠲᠡᠭᠦᠯᠳᠡᠷᠵᠢᠭᠰᠡᠨ ᠦᠨᠳᠦᠰᠦᠲᠡᠨ ᠨᠦᠭᠦᠳ ᠤᠨ ᠤᠯᠠᠨ | ᠲᠦᠮᠡᠨ ᠤ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ | ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠨᠡᠶᠢᠭᠡᠮ ᠤᠨ ᠨᠥᠬᠦᠴᠡᠯ ᠢ ᠡᠭᠦᠳᠬᠦ ᠬᠡᠷᠡᠭᠲᠡᠢ᠃ ᠳ᠋ᠦᠩ ᠱᠧᠩ | ᠸᠧᠢ ᠶᠢᠨ ᠬᠠᠭᠤᠴᠢᠨ ᠬᠤᠳᠠ ᠵᠡᠷᠭᠡ ᠲᠡᠦᠬᠡ ᠰᠣᠶᠣᠯ ᠤᠨ ᠡᠬᠢ ᠪᠠᠶᠠᠯᠢᠭ ᠤᠨ ᠲᠣᠭᠤᠷᠢᠨ ᠳᠤ᠂ ᠪᠦᠬᠦ ᠣᠷᠣᠨ | ᠪᠦᠰᠡ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠦᠢᠯᠡᠳᠦᠯᠭᠡ ᠶᠢᠨ | ᠬᠥᠮᠦᠵᠢᠯ ᠢ ᠪᠠᠲᠤ ᠴᠣᠭᠴᠠᠯᠠᠭᠰᠠᠨ ᠣᠨᠴᠠᠯᠢᠭᠲᠤ ᠲᠦᠷᠦᠯ ᠲᠡᠮᠳᠡᠭ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ | ᠥᠷᠨᠢᠭᠦᠯᠬᠦ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠢᠯᠠᠩᠭᠤᠶ᠎ᠠ | ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠲᠤᠬᠠᠢ ᠴᠢᠬᠤᠯᠠ ᠥᠭᠦᠯᠡᠯᠲᠡ ᠪᠠᠷ ᠪᠣᠳᠠᠲᠠᠢ ᠶᠢ ᠡᠷᠬᠢᠮᠯᠡᠬᠦ | ᠰᠤᠷᠲᠠᠯ ᠢ ᠶᠡᠬᠡᠪᠡᠷ ᠮᠠᠨᠳᠤᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ | ᠰᠤᠷᠲᠠᠯ ᠢ ᠪᠤᠢ ᠪᠣᠯᠭᠠᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢᠨ ᠥᠨᠳᠥᠷ ᠬᠦᠴᠦᠳᠡᠯᠲᠦ ᠴᠠᠬᠢᠯᠭᠠᠨ | ᠱᠤᠭᠤᠮ ᠢ ᠴᠢᠩᠭ᠎ᠠ ᠰᠠᠬᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ | ᠵᠠᠰᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠪᠦᠬᠦ ᠰᠢᠶᠠᠨ ᠳᠤ ᠬᠥᠭᠵᠢᠯᠲᠡ ᠶᠢ ᠡᠷᠢᠯᠬᠢᠯᠡᠵᠦ᠂ ᠬᠤᠪᠢ ᠨᠡᠮᠡᠷᠢ | ᠦᠵᠡᠭᠦᠯᠵᠦ᠂ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠬᠢᠨ ᠰᠢᠨ᠎ᠡ | ᠳᠡᠭᠲᠡᠷ ᠲᠤ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |