ᠣᠶᠢᠷ᠎ᠠ ᠳᠤ᠂ ᠲᠣᠭᠲᠠᠬᠤ ᠲᠣᠰᠬᠤᠨ ᠤ ᠪᠠᠯᠭᠠᠰᠤᠨ ᠤ ᠪᠠᠩᠬᠢ ᠮᠠᠢ ᠶᠧ ᠬᠥ᠋ ᠦᠵᠡᠮᠵᠢ ᠶᠢᠨ ᠣᠷᠣᠨ᠂ | ᠱᠧᠨ ᠴᠢᠤᠸᠠᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠡᠯ᠎ᠡ ᠡᠵᠡᠩᠨᠡᠯᠲᠡ ᠶᠢᠨ ᠲᠣᠣᠷ | ᠴᠡᠭ ᠲᠤ ︽ᠮᠥᠩᠭᠦᠨ ᠭᠦᠢᠯᠭᠡᠭᠡ ᠶᠢ ᠣᠶᠢᠯᠠᠭᠠᠵᠤ ᠮᠦᠩᠭᠦᠨ ᠭᠦᠢᠯᠭᠡᠭᠡᠨ ᠢᠶᠠᠷ ᠪᠠᠳᠤᠯᠠᠶ᠎ᠠ︾ ᠪᠠᠷ ᠭᠤᠣᠯ ᠰᠡᠳᠦᠪ | ᠪᠣᠯᠭᠠᠭᠰᠠᠨ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠲᠣᠰ ᠪᠠᠩᠬᠢ ᠦᠵᠡᠮᠵᠢ ᠶᠢᠨ ᠣᠷᠣᠨ ᠤ ᠣᠷᠣᠬᠤ ᠡᠭᠦᠳᠡ᠂ ᠡᠵᠡᠩᠨᠡᠯᠲᠡ ᠶᠢᠨ | ᠲᠣᠣᠷ ᠴᠡᠭ ᠤᠨ ᠶᠡᠭᠡ ᠲᠢᠩᠬᠢᠮ ᠳᠤ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠶᠢᠨ ᠴᠡᠭ ᠭᠠᠷᠭᠠᠵᠤ᠂ | ᠠᠵᠢᠯᠲᠠᠳ ᠮᠥᠩᠭᠦᠨ ᠭᠦᠢᠯᠭᠡᠭᠡᠨ ᠤ ᠮᠡᠳᠡᠯᠭᠡ ᠶᠢ ᠲᠠᠶᠢᠯᠪᠤᠷᠢᠯᠠᠬᠤ᠂ ᠮᠥᠩᠭᠦᠨ ᠭᠦᠢᠯᠭᠡᠭᠡᠨ ᠤ ᠮᠡᠳᠡᠯᠭᠡ ᠶᠢᠨ | ᠤᠬᠠᠭᠤᠯᠭ᠎ᠠ ᠶᠢᠨ ᠨᠤᠭᠤᠯᠤᠭᠠᠰᠤ ᠶᠢ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ᠂ | ᠵᠢᠭᠤᠯᠴᠢᠯᠠᠭᠴᠢᠳ ᠢ ᠮᠡᠬᠡᠯᠡᠨ ᠬᠢᠬᠠᠬᠤ᠂ ᠪᠤᠷᠤᠭᠤ ᠪᠠᠷ ᠵᠢᠯᠤᠭᠤᠳᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ | ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠬᠠᠯᠳᠠᠯᠭ᠎ᠠ ᠠᠴᠠ ᠵᠠᠶᠢᠯᠠᠭᠤᠯᠬᠤ ᠪᠠᠷ ᠬᠠᠪᠰᠤᠷᠴᠠᠢ᠃ | ᠡᠭᠦᠨ ᠤ ᠬᠠᠮᠲᠤ ᠥᠨᠳᠥᠷ ᠠᠰᠢᠭ ᠣᠷᠣᠯᠭ᠎ᠠ ᠲᠠᠢ ᠡᠳ᠋ ᠤᠨ ᠶᠠᠪᠤᠳᠠᠯ ᠤᠨ ᠮᠡᠬᠡᠯᠡᠯ ᠤᠨ ᠮᠡᠬᠡᠯᠡᠯ᠂ ᠡᠷᠡᠭᠦᠯᠵᠢᠯ ᠤᠨ | ᠡᠳ᠋ ᠤᠨ ᠪᠣᠷᠤᠯᠠᠭᠤᠯᠭ᠎ᠠ ᠶᠢᠨ ᠮᠡᠬᠡᠯᠡᠯ ᠤᠨ ᠮᠡᠬᠡᠯᠡᠯ᠂ ᠪᠠᠷᠢᠴᠠᠭᠠᠯᠠᠭᠰᠠᠨ ᠭᠡᠷ ᠪᠠᠶᠢᠰᠢᠩ ᠤᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠬᠥᠮᠥᠨ ᠢ ᠬᠤᠣᠷᠯᠠᠬᠤ᠂ ᠲᠦᠷᠦᠯ ᠰᠠᠳᠤᠨ ᠨᠠᠶᠢᠵᠠ ᠨᠥᠬᠦᠳ ᠢᠶᠠᠨ ᠬᠡᠷᠡᠭ ᠭᠠᠷᠤᠭᠰᠠᠨ ᠢᠶᠠᠷ | ᠮᠡᠬᠡᠯᠡᠭᠰᠡᠨ ᠵᠡᠷᠭᠡ ᠬᠠᠯᠠᠮᠰᠢᠯ ᠠᠰᠠᠭᠤᠳᠠᠯ ᠳᠤ ᠴᠢᠭᠯᠡᠭᠦᠯᠦᠨ ᠤᠬᠠᠭᠤᠯᠤᠨ ᠲᠠᠶᠢᠯᠪᠤᠷᠢᠯᠠᠵᠤ᠂ ᠰᠠᠭᠤᠭᠠᠯᠢ ᠠᠷᠠᠳ᠂ | ᠵᠤᠭᠠᠴᠠᠭᠰᠠᠳ ᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ᠂ ᠪᠦᠲᠦᠮᠵᠢᠲᠡᠢ ᠠᠷᠭ᠎ᠠ ᠬᠡᠯᠪᠡᠷᠢ ᠪᠠᠷ ᠲᠤᠰ | ᠪᠡᠶ᠎ᠡ ᠶᠢᠨ ᠮᠥᠩᠭᠦᠨ ᠭᠦᠢᠯᠭᠡᠭᠡᠨ ᠤ ᠡᠷᠬᠡ ᠠᠰᠢᠭ ᠢᠶᠠᠨ ᠪᠠᠲᠤᠯᠠᠭᠤᠯᠤᠨ᠎ᠠ᠃ ᠠᠵᠢᠯᠯᠠᠭ᠎ᠠ ᠳᠤ ᠨᠡᠶᠢᠲᠡ 1000 | ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠤᠬᠠᠢ ᠶᠢᠨ ᠲᠠᠯᠠᠪᠤᠷ ᠲᠤ 300 ᠭᠠᠷᠤᠢ ᠬᠥᠮᠥᠨ | ᠤᠳᠠᠭ᠎ᠠ ᠶᠢᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠮᠡᠳᠡᠯᠭᠡ | ᠪᠠ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠳᠤᠮᠳᠠ | ᠬᠦᠷᠭᠡᠵᠦ᠂ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠠᠬᠢᠭᠤᠯᠤᠨ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ᠂ ᠣᠯᠠᠨ ᠲᠦᠮᠡᠨ ᠤ ᠰᠠᠶᠢᠨ | ᠦᠨᠡᠯᠡᠯᠲᠡ ᠶᠢ ᠣᠯᠣᠭᠰᠠᠨ ᠪᠠᠶᠢᠨ᠎ᠠ᠃ | ᠲᠣᠭᠲᠠᠬᠤ ᠲᠣᠰᠬᠤᠨ ᠪᠠᠯᠭᠠᠰᠤᠨ ᠤ ᠪᠠᠩᠬᠢ ᠨᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠰᠢᠨ᠎ᠡ | ᠬᠦᠴᠦᠨ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠰᠢᠭᠤᠳ ᠣᠶᠢᠷᠠᠲᠤᠭᠴᠢ᠂ ᠮᠥᠩᠭᠦᠨ ᠭᠦᠢᠯᠭᠡᠭᠡᠨ ᠤ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠨ ᠤ | ᠬᠤᠪᠢ ᠳᠤ᠂ ᠲᠠᠷᠢᠶᠠᠯᠠᠩ ᠢ ᠳᠡᠮᠵᠢᠬᠦ ᠵᠢᠵᠢᠭ ᠵᠠᠬ᠎ᠠ ᠳᠡᠯᠭᠡᠭᠦᠷ ᠢ ᠳᠡᠮᠵᠢᠬᠦ ᠪᠠᠶᠢᠷᠢ ᠲᠣᠭᠲᠠᠭᠠᠯᠲᠠ ᠶᠢ ᠢᠮᠠᠭᠲᠠ | ᠪᠠᠷᠢᠮᠲᠠᠯᠠᠵᠤ᠂ ᠣᠷᠣᠨ ᠨᠤᠲᠤᠭ ᠤᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭ᠎ᠠ ᠪᠠ | ᠡᠭᠦᠷᠭᠡᠯᠡᠯ ᠢ ᠢᠳᠡᠪᠬᠢᠲᠡᠢ ᠦᠢᠯᠡᠳᠦᠯᠭᠡᠵᠢᠭᠦᠯᠵᠦ᠂ ᠲᠦᠭᠡᠮᠡᠯ ᠠᠰᠢᠭ ᠬᠦᠷᠲᠡᠭᠡᠬᠦ ᠮᠥᠩᠭᠦᠨ ᠭᠦᠢᠯᠭᠡᠭᠡᠨ ᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰ ᠭᠠᠵᠠᠷ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠬᠥᠭᠵᠢᠭᠡᠬᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠳᠤ ᠢᠳᠡᠪᠬᠢᠲᠡᠢ ᠪᠠᠷ | ᠬᠦᠴᠦᠨ ᠴᠢᠳᠠᠯ ᠢᠶᠠᠨ ᠡᠷᠭᠦᠪᠡ᠃ ᠲᠣᠰ ᠪᠠᠩᠬᠢ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ | ᠪᠠᠩᠬᠢ ᠶᠢᠨ ᠬᠠᠷᠢᠭᠤᠴᠠᠯᠭ᠎ᠠ ᠡᠭᠦᠷᠭᠡᠯᠡᠯ ᠢ ᠦᠢᠯᠡᠳᠦᠯᠭᠡᠵᠢᠭᠦᠯᠦᠨ᠂ ᠮᠥᠩᠭᠦᠨ ᠭᠦᠢᠯᠭᠡᠭᠡᠨ ᠤ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠡᠶᠢᠭᠡᠮ ᠤᠨ ᠣᠯᠠᠨ ᠨᠡᠶᠢᠲᠡ ᠪᠠ | ᠪᠡᠯᠡ ᠣᠷᠣᠭᠤᠯᠤᠭᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ ᠤ ᠮᠥᠩᠭᠦᠨ | ᠭᠦᠢᠯᠭᠡᠭᠡᠨ ᠤ ᠴᠤᠤᠷᠬᠠᠯ ᠪᠠ ᠮᠥᠩᠭᠦᠨ ᠭᠦᠢᠯᠭᠡᠭᠡᠨ ᠤ ᠰᠥᠭᠡᠷᠭᠦ ᠡᠨᠧᠷᠭᠢ ᠶᠢ ᠤᠬᠠᠮᠰᠠᠷ ᠠᠴᠠ ᠪᠠᠨ ᠡᠰᠡᠷᠭᠦᠴᠡᠨ | ᠬᠤᠷᠢᠭᠯᠠᠵᠤ᠂ ᠮᠥᠩᠭᠦᠨ ᠭᠦᠢᠯᠭᠡᠭᠡᠨ ᠤ ᠬᠡᠷᠡᠭᠯᠡᠭᠡᠨ ᠤ ᠰᠠᠶᠢᠨ ᠰᠠᠶᠢᠬᠠᠨ ᠡᠶ᠎ᠡ ᠵᠣᠬᠢᠴᠠᠯ ᠲᠠᠢ ᠣᠷᠴᠢᠨ ᠨᠥᠬᠦᠴᠡᠯ ᠢ | ᠪᠣᠶ ᠪᠣᠯᠭᠠᠨ᠎ᠠ᠃ | ᠢᠷᠡᠯᠲᠡ᠄ ᠲᠣᠭᠲᠠᠬᠤ ᠲᠣᠰᠬᠤᠨ ᠤ ᠪᠠᠯᠭᠠᠰᠤᠨ ᠤ ᠪᠠᠩᠬᠢ | |