6 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2023 ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠣᠷᠣᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠵᠦ ᠣᠯᠠᠨ ᠳᠤ | ᠨᠡᠶᠢᠲᠡᠯᠡᠪᠡ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠰᠠᠯᠠᠮᠵᠢ᠄ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ᠂ | ᠲᠤᠰᠠᠯᠠᠨ ᠲᠡᠳᠬᠦᠬᠦ ᠡᠲᠡᠭᠡᠳ ᠨᠢ ᠰᠤᠷᠭᠠᠭᠤᠯᠢ ᠶᠢᠨ ᠬᠠᠷᠢᠶ᠎ᠠ ᠪᠠᠨ ᠵᠢᠩᠬᠢᠨᠢ ᠪᠠᠷ ᠳᠠᠩᠰᠠᠯᠠᠭᠤᠯᠤᠭᠰᠠᠨ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠪᠣᠶ ᠪᠦᠬᠦᠢ ᠰᠣᠷᠣᠭᠴᠢ ᠪᠣᠯᠣᠨ᠎ᠠ᠃ | ᠰᠤᠷᠤᠯᠭ᠎ᠠ ᠶᠢᠨ ᠠᠷᠰᠠᠷ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ᠄ ᠰᠣᠷᠣᠭᠴᠢ ᠨᠢᠭᠡᠪᠦᠷᠢ ᠵᠢᠯ ᠪᠦᠷᠢ 2000 | ᠲᠥᠭᠦᠷᠢᠭ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠠᠷᠰᠠᠷ ᠵᠠᠷᠤᠳᠠᠯ ᠢ ᠬᠡᠯᠲᠦᠷᠢᠭᠦᠯᠬᠦ ᠨᠥᠬᠦᠴᠡᠯ ᠳᠤ ᠨᠡᠶᠢᠴᠡᠬᠦ ᠰᠣᠷᠣᠭᠴᠢ ᠳᠤ | ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠂ ᠰᠤᠷᠤᠯᠭ᠎ᠠ ᠶᠢᠨ ᠠᠷᠰᠠᠷ | ᠵᠠᠷᠤᠳᠠᠯ ᠤᠨ ᠰᠦᠢᠳᠬᠡᠯ ᠨᠢ ᠨᠥᠬᠦᠪᠦᠷᠢ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠭᠠᠭᠤᠯᠢ ᠠᠴᠠ | ᠲᠣᠭᠲᠠᠭᠠᠯ ᠶᠣᠰᠣᠭᠠᠷ ᠦᠷᠭᠦᠯᠵᠢᠯᠡᠨ ᠰᠣᠷᠣᠭᠴᠢ ᠠᠴᠠ ᠵᠥᠷᠢᠶ᠎ᠡ ᠶᠢ ᠨᠢ ᠬᠤᠷᠢᠶᠠᠵᠤ ᠪᠣᠯᠣᠨ᠎ᠠ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠮᠥᠩᠭᠦ᠂ ᠲᠡᠳᠬᠦᠭᠳᠡᠬᠦ ᠡᠲᠡᠭᠡᠳ ᠪᠣᠯ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶ᠎ᠠ ᠲᠠᠢ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠳᠣᠲᠣᠷᠠᠬᠢ ᠭᠡᠷ ᠤᠨ | ᠠᠮᠢᠳᠤᠷᠠᠯ ᠨᠢ ᠬᠦᠴᠢᠷᠳᠡᠯᠲᠡᠢ ᠰᠣᠷᠣᠭᠴᠢ ᠪᠣᠯᠣᠨ᠎ᠠ᠃ ᠵᠣᠭᠤᠰ ᠢᠶᠠᠷ ᠲᠤᠰᠠᠯᠠᠬᠤ ᠪᠠᠷᠢᠮᠵᠢᠶ᠎ᠠ᠄ ᠰᠣᠷᠣᠭᠴᠢ | ᠨᠢᠭᠡᠪᠦᠷᠢ ᠳᠤ ᠳᠤᠮᠳᠠᠴᠢ ᠪᠠᠷ ᠵᠢᠯ ᠪᠦᠷᠢ 2000 ᠲᠥᠭᠦᠷᠢᠭ᠂ ᠪᠣᠳᠠᠲᠠᠢ ᠪᠠᠷᠢᠮᠵᠢᠶ᠎ᠠ ᠶᠢ ᠡᠯ᠎ᠡ ᠭᠠᠵᠠᠷ ᠤᠨ ᠬᠢᠨ | ᠪᠣᠳᠠᠲᠠᠢ ᠲᠠᠢ ᠪᠠᠨ ᠤᠶᠠᠯᠳᠤᠭᠤᠯᠤᠨ 1000 ︱ 3000 ᠲᠥᠭᠦᠷᠢᠭ ᠤᠨ ᠬᠡᠪᠴᠢᠶᠡᠨ ᠳᠣᠲᠣᠷ᠎ᠠ ᠲᠣᠭᠲᠠᠭᠠᠵᠤ᠂ | 2 ︱ 3 ᠲᠠᠰ ᠬᠤᠪᠢᠶᠠᠵᠤ ᠪᠣᠯᠣᠨ᠎ᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠠᠯᠠᠮᠵᠢ᠄ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠵᠦ ᠲᠤᠰᠠᠯᠠᠬᠤ ᠡᠲᠡᠭᠡᠳ ᠨᠢ | ᠪᠣᠶ ᠪᠦᠬᠦᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ | ᠪᠠᠭᠲᠠᠨ᠎ᠠ᠂ ᠳᠣᠷᠣᠭᠰᠢ ᠠᠳᠠᠯᠢ︶ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠤᠨ ᠵᠢᠩᠬᠢᠨᠢ ᠰᠤᠷᠤᠯᠭ᠎ᠠ ᠶᠢᠨ ᠬᠠᠷᠢᠶ᠎ᠠ ᠲᠠᠢ ᠰᠤᠷᠭᠠᠭᠤᠯᠢ ᠳᠤ ᠪᠠᠶᠢᠭ᠎ᠠ ᠰᠣᠷᠣᠭᠴᠢ ᠪᠣᠯᠣᠨ᠎ᠠ᠃ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ᠄ ᠰᠤᠷᠤᠭᠴᠢ ᠪᠦᠷᠢ ᠵᠢᠯ ᠳᠤ 2000 ᠲᠥᠭᠦᠷᠢᠭ | ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ | ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯᠣᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ | ᠡᠷᠭᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠦᠢᠳᠬᠡᠯ ᠢ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠬᠦ ᠰᠤᠷᠤᠭᠴᠢᠳ ᠲᠤ ᠥᠪᠡᠷᠲᠡᠭᠡᠨ ᠵᠠᠰᠠᠬᠤ | ᠣᠷᠣᠨ ᠠᠴᠠ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠵᠤ᠂ ᠰᠤᠷᠤᠯᠭ᠎ᠠ ᠶᠢᠨ ᠰᠦᠢᠳᠬᠡᠯ ᠤᠨ ᠰᠦᠢᠳᠬᠡᠯ ᠨᠢ | ᠨᠥᠬᠦᠪᠦᠷᠢ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠭᠠᠭᠤᠯᠢ ᠠᠴᠠ ᠲᠣᠭᠲᠠᠭᠠᠯ ᠶᠣᠰᠣᠭᠠᠷ ᠦᠷᠭᠦᠯᠵᠢᠯᠡᠨ | ᠰᠤᠷᠤᠭᠴᠢᠳ ᠠᠴᠠ ᠵᠥᠷᠢᠶ᠎ᠡ ᠶᠢ ᠨᠢ ᠬᠤᠷᠢᠶᠠᠵᠤ ᠪᠣᠯᠣᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠣᠨᠴᠣᠭᠤᠢ ᠲᠥᠷᠥᠯ ᠤᠨ ᠲᠤᠰᠬᠠᠢ ᠮᠡᠷᠭᠡᠵᠢᠯ ᠤᠨ ᠰᠣᠷᠣᠭᠴᠢ ᠶᠢᠨ ᠰᠤᠷᠤᠯᠭ᠎ᠠ ᠶᠢᠨ | ᠰᠦᠢᠳᠬᠡᠯ ᠤᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠥᠯᠥ ᠬᠤᠷᠢᠶᠠᠬᠤ ᠪᠠᠷᠢᠮᠵᠢᠶ᠎ᠠ ᠠᠴᠠ | ᠥᠨᠳᠥᠷ ᠪᠠᠶᠢᠬᠤ ᠬᠡᠰᠡᠭ ᠢ ᠬᠤᠪᠢ ᠬᠦᠮᠦᠨ ᠨᠦᠬᠦᠪᠦᠷᠢᠯᠡᠨ ᠲᠤᠰᠢᠶᠠᠨ᠎ᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠠᠯᠠᠬᠤ ᠡᠲᠡᠭᠡᠳ᠄ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠬᠤᠶᠠᠳᠤᠭᠠᠷ ᠣᠨ ᠵᠢᠴᠢ | ᠲᠡᠭᠦᠨ ᠠᠴᠠ ᠳᠡᠭᠡᠭᠰᠢᠬᠢ ᠰᠣᠷᠣᠭᠴᠢ ᠶᠢᠨ ᠳᠣᠲᠣᠷ᠎ᠠ᠂ ᠰᠤᠷᠤᠯᠭ᠎ᠠ ᠶᠢᠨ ᠬᠢᠷᠢ ᠪᠦᠲᠦᠮᠵᠢ ᠶᠢᠨ ᠨᠡᠷᠡᠰ ᠤᠨ | ᠵᠢᠭᠰᠠᠭᠠᠯᠲᠠ ᠨᠢ ᠣᠨ ᠤ ᠠᠳᠠᠯᠢ ᠨᠢᠭᠡᠨ ᠲᠤᠰᠬᠠᠢ ᠮᠡᠷᠭᠡᠵᠢᠯ ᠤᠨ ᠡᠮᠦᠨ᠎ᠡ 5% ︵5% ᠶᠢ ᠪᠠᠭᠲᠠᠭᠠᠨ᠎ᠠ︶ ᠳᠤ | ᠪᠠᠶᠢᠭ᠎ᠠ ᠰᠣᠷᠣᠭᠴᠢ ᠪᠠ ᠰᠤᠷᠤᠯᠭ᠎ᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠨᠢ ᠣᠨ ᠤ ᠠᠳᠠᠯᠢ | ᠨᠢᠭᠡᠨ ᠲᠤᠰᠬᠠᠢ ᠮᠡᠷᠭᠡᠵᠢᠯ ᠤᠨ ᠨᠡᠷᠡᠰ ᠤᠨ ᠵᠢᠭᠰᠠᠭᠠᠯᠲᠠ ᠳᠤ 5% ᠳᠤ ᠣᠷᠤᠭ᠎ᠠ ᠦᠭᠡᠢ ᠪᠣᠯᠪᠠᠴᠤ ᠡᠮᠦᠨ᠎ᠡ | 30% ︵30% ᠶᠢ ᠪᠠᠭᠲᠠᠭᠠᠨ᠎ᠠ︶ ᠳᠤ ᠬᠦᠷᠦᠭᠰᠡᠨ ᠮᠥᠷᠲᠡᠭᠡᠨ ᠶᠣᠰᠣ ᠮᠣᠷᠠᠯ ᠬᠡᠪ ᠰᠤᠷᠲᠠᠯ᠂ ᠲᠤᠰᠬᠠᠢ | ᠮᠡᠷᠭᠡᠵᠢᠯ ᠤᠨ ᠤᠷ᠎ᠠ ᠴᠢᠳᠠᠪᠤᠷᠢ᠂ ᠨᠡᠶᠢᠭᠡᠮ ᠤᠨ ᠦᠢᠯᠡᠳᠦᠯᠭᠡ᠂ ᠰᠢᠨ᠎ᠡ ᠶᠢ ᠡᠭᠦᠳᠬᠦ ᠴᠢᠳᠠᠪᠤᠷᠢ᠂ ᠶᠡᠷᠦᠩᠬᠡᠶᠢᠯᠡᠭᠰᠡᠨ | ᠬᠡᠪ ᠴᠢᠨᠠᠷ ᠵᠡᠷᠭᠡ ᠲᠠᠯ᠎ᠠ ᠪᠠᠷ ᠣᠨᠴᠠᠭᠠᠶ ᠲᠣᠪᠣᠶᠢᠮ᠎ᠠ ᠢᠯᠡᠷᠡᠯ ᠲᠠᠢ᠃ ᠲᠤᠰᠠᠯᠠᠬᠤ ᠪᠠᠷᠢᠮᠵᠢᠶ᠎ᠠ᠄ ᠰᠣᠷᠣᠭᠴᠢ ᠪᠦᠷᠢ | ᠵᠢᠯ ᠳᠤ 6000 ᠲᠥᠭᠦᠷᠢᠭ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠮᠥᠩᠭᠦ᠂ ᠲᠤᠰᠠᠯᠠᠬᠤ ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠤᠯᠭ᠎ᠠ ᠶᠢᠨ | ᠬᠠᠷᠢᠶ᠎ᠠ ᠲᠠᠢ ᠨᠢᠭᠡᠳᠦᠭᠡᠷ ᠬᠤᠶᠠᠳᠤᠭᠠᠷ ᠣᠨ ᠤ ᠪᠣᠶ ᠪᠦᠬᠦᠢ ᠮᠠᠯᠵᠢᠬᠤ ᠲᠠᠷᠢᠶᠠᠯᠠᠬᠤ ᠣᠷᠣᠨ ︵ᠰᠢᠶᠠᠨ ᠪᠠᠯᠭᠠᠰᠤ | ᠪᠠᠭᠲᠠᠨ᠎ᠠ︶ ᠤ ᠰᠤᠷᠭᠠᠭᠤᠯᠢ ᠳᠤ ᠪᠠᠶᠢᠭ᠎ᠠ ᠰᠣᠷᠣᠭᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠢ | ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠢ ᠮᠡᠷᠭᠡᠵᠢᠯ ᠤᠨ ᠭᠡᠷ ᠪᠦᠯᠢ ᠶᠢᠨ | ᠠᠵᠤ ᠠᠬᠤᠢ ᠨᠢ ᠬᠦᠴᠢᠷᠳᠡᠯᠲᠡᠢ ᠰᠣᠷᠣᠭᠴᠢ᠃ ᠲᠤᠰᠠᠯᠠᠬᠤ ᠪᠠᠷᠢᠮᠵᠢᠶ᠎ᠠ᠄ ᠪᠦᠬᠦᠯᠢ ᠡᠳᠦᠷ ᠤᠨ ᠳᠦᠷᠢᠮᠲᠦ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠨᠢᠭᠡᠳᠦᠭᠡᠷ | ᠬᠤᠶᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠪᠠ ᠲᠠᠷᠢᠶᠠᠯᠠᠩ ᠳᠤ ᠬᠤᠯᠪᠣᠭᠳᠠᠬᠤ | ᠦᠭᠡᠢ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯ ᠲᠠᠢ ᠰᠤᠷᠤᠭᠴᠢ᠂ ᠵᠢᠴᠢ ᠶᠡᠭᠡ | ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠶᠢᠨ ᠠᠭᠤᠯᠠᠷᠬᠠᠭ ᠣᠷᠣᠨ ︵ᠷᠠᠰᠢᠶᠠᠨ ᠬᠤᠲᠠ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ | ᠲᠦᠴᠢᠦᠸᠠᠨ ᠰᠢᠶᠠᠨ︶᠂ ᠶᠠᠨᠱᠠᠨ ︱ ᠲᠠᠶᠢᠬᠠᠩᠱᠠᠨ ᠠᠭᠤᠯᠠᠷᠬᠠᠭ ᠣᠷᠣᠨ ︵ᠬᠤᠸᠠᠳᠧ ᠰᠢᠶᠠᠨ᠂ ᠱᠠᠩᠳᠤ | ᠰᠢᠶᠠᠨ᠂ ᠰᠢᠩᠾᠧ ᠰᠢᠶᠠᠨ︶ ᠤ ᠮᠠᠯᠵᠢᠬᠤ ᠲᠠᠷᠢᠶᠠᠯᠠᠬᠤ ᠣᠷᠣᠨ ︵ᠰᠢᠶᠠᠨ ᠤ ᠬᠤᠲᠠ ᠪᠠᠭᠲᠠᠬᠤ ᠦᠭᠡᠢ︶ ᠤ | ᠰᠣᠷᠣᠭᠴᠢ ᠨᠢᠭᠡᠪᠦᠷᠢ ᠳᠤ ᠵᠢᠯ ᠪᠦᠷᠢ 2000 ᠲᠥᠭᠦᠷᠢᠭ ᠥᠭᠴᠦ᠂ ᠪᠤᠰᠤᠳ ᠰᠣᠷᠣᠭᠴᠢ ᠨᠢᠭᠡᠪᠦᠷᠢ ᠳᠤ ᠵᠢᠯ | ᠪᠦᠷᠢ 1500 ᠲᠥᠭᠦᠷᠢᠭ ᠥᠭᠭᠦᠨ᠎ᠡ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠰᠣᠷᠣᠭᠴᠢ ᠶᠢᠨ | ᠪᠠᠶᠢᠷᠢ ᠶᠢᠨ ᠵᠠᠷᠤᠳᠠᠯ ᠤᠨ ᠨᠥᠬᠦᠪᠦᠷᠢ᠂ ᠲᠤᠰᠠᠯᠠᠬᠤ ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ | ᠰᠤᠷᠭᠠᠭᠤᠯᠢ ᠶᠢᠨ ᠬᠠᠷᠢᠶ᠎ᠠ ᠶᠢᠨ ᠨᠢᠭᠡ ᠬᠤᠶᠠᠷ ᠭᠤᠷᠪᠠᠳᠤᠭᠠᠷ ᠣᠨ ᠤ ᠪᠠᠶᠢᠷᠢ ᠳᠤ ᠰᠠᠭᠤᠬᠤ ᠰᠣᠷᠣᠭᠴᠢ ︵ | ᠠᠵᠢᠯᠯᠠᠵᠤ ᠰᠤᠷᠤᠯᠴᠠᠬᠤ ᠶᠢ ᠡᠭᠡᠯᠵᠢᠯᠡᠭᠦᠯᠬᠦ ᠶᠢ ᠬᠡᠷᠡᠭᠵᠢᠭᠦᠯᠦᠭᠰᠡᠨ ᠰᠣᠷᠣᠭᠴᠢ ᠪᠠᠭᠲᠠᠬᠤ ᠦᠭᠡᠢ︶᠃ | ᠵᠣᠭᠤᠰ ᠢᠶᠠᠷ ᠲᠤᠰᠠᠯᠠᠬᠤ ᠪᠠᠷᠢᠮᠵᠢᠶ᠎ᠠ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠮᠳᠠ | ᠵᠡᠷᠭᠡ ᠶᠢᠨ ᠲᠤᠰᠬᠠᠢ ᠮᠡᠷᠭᠡᠵᠢᠯ ᠤᠨ ᠬᠡᠯᠲᠡᠰ ᠤᠨ ᠪᠠᠶᠢᠷᠢ ᠳᠤ ᠰᠠᠭᠤᠬᠤ ᠰᠣᠷᠣᠭᠴᠢ ᠶᠢᠨ ᠰᠣᠷᠣᠭᠴᠢ ᠨᠢᠭᠡᠪᠦᠷᠢ | ᠵᠢᠯ ᠳᠤ 800 ᠲᠥᠭᠦᠷᠢᠭ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠬᠤ | ᠰᠣᠷᠣᠭᠴᠢ ᠵᠢᠯ ᠪᠦᠷᠢ 500 ᠲᠥᠭᠦᠷᠢᠭ᠃ | ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ |