6 ᠳ᠋ᠤᠭᠠᠷ ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | 105 ᠳ᠋ᠤᠭᠠᠷ ᠬᠤᠷᠠᠯᠳᠤᠭᠠᠨ ᠵᠢᠴᠢ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ | ᠵᠥᠪᠯᠡᠯ ᠤᠨ ᠲᠠᠪᠤᠳᠤᠭᠠᠷ ᠬᠤᠷᠠᠯᠳᠤᠭᠠᠨ᠂ ᠪᠥᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ | ᠭᠤᠣᠯᠳᠠᠯᠭ᠎ᠠ ᠲᠠᠢ ᠠᠵᠤ ᠦᠢᠯᠡᠰ ᠤᠨ ᠵᠦᠢᠯᠡᠰ ᠤᠨ ᠦᠢᠯᠡᠴᠢᠯᠡᠭᠡᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠬᠤᠷᠠᠯ ᠢ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ | ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ | ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠪᠠ︔ ᠣᠶᠢᠷ᠎ᠠ ᠶᠢᠨ ᠬᠤᠭᠤᠴᠠᠭᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠪᠠᠶᠢᠳᠠᠯ ᠢ | ᠵᠠᠷᠯᠠᠨ ᠮᠡᠳᠡᠭᠳᠡᠪᠡ︔ 5 ᠳ᠋ᠤᠭᠠᠷ ᠰᠠᠷ᠎ᠠ ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠳᠡᠭᠡᠭᠰᠢ | ᠮᠡᠳᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ | ᠮᠡᠳᠡᠭᠦᠯᠦᠯᠲᠡ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠠᠮᠢ ᠠᠬᠤᠢ ᠶᠢᠨ ᠰᠢᠰᠲ᠋ᠥᠮ ᠤᠨ ᠵᠠᠰᠠᠯᠲᠠ ᠶᠢ ᠭᠦᠨᠵᠡᠭᠡᠢ ᠬᠡᠷᠡᠭᠵᠢᠭᠦᠯᠵᠦ᠂ ᠤᠢ | ᠰᠢᠭᠤᠢ ᠶᠢᠨ ᠬᠠᠮᠠᠭᠠᠯᠠᠯᠲᠠ ᠬᠠᠮᠢᠶᠠᠷᠤᠯᠲᠠ᠂ ᠤᠰᠤ ᠠᠷᠪᠢᠯᠠᠬᠤ ᠥᠭᠡᠷᠡᠴᠢᠯᠡᠯᠲᠡ᠂ ᠬᠤᠵᠢᠷᠯᠢᠭ ᠭᠠᠵᠠᠷ ᠢ | ᠥᠭᠡᠷᠡᠴᠢᠯᠡᠬᠦ ᠪᠠ ᠶᠡᠷᠦᠩᠬᠡᠶᠢᠯᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠳᠠᠭᠠᠨ ᠳᠠᠭᠠᠭᠠᠮᠠᠭᠠᠢ ᠲᠠᠶᠢᠨ ᠬᠢᠬᠦ | ᠪᠡᠯᠡᠳᠬᠡᠯ ᠢ ᠰᠠᠶᠢᠲᠤᠷ ᠬᠢᠵᠦ᠂ ᠤᠷᠳᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠡᠷᠡᠰ | ᠭᠤᠶᠢᠪᠢᠰᠢ ᠦᠭᠡᠢ ᠪᠠᠷ ᠪᠠᠶᠢᠭᠤᠯᠵᠤ᠂ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ | ᠳᠡᠭᠡᠭᠰᠢᠯᠡᠭᠦᠯᠦᠨ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠦᠨᠳᠦᠰᠦᠨ | ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠬᠥᠮᠥᠨ ᠪᠦᠬᠦᠨ | ᠣᠷᠣᠯᠴᠠᠬᠤ᠂ ᠬᠥᠮᠥᠨ ᠪᠦᠬᠦᠨ ᠠᠰᠢᠭ ᠬᠦᠷᠳᠡᠬᠦ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠦᠵᠡᠯ | ᠤᠬᠠᠮᠰᠠᠷ ᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ | ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠡᠭᠦᠷᠭᠡᠯᠡᠵᠦ᠂ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠤᠭ᠎ᠠ ᠶᠢᠨ ᠡᠭᠦᠷᠭᠡ ᠲᠠᠢ ᠬᠠᠷᠢᠴᠠᠭᠤᠯᠵᠤ᠂ ᠠᠰᠠᠭᠤᠳᠠᠯ ᠤᠨ ᠳᠤᠲᠠᠭᠤᠳᠠᠯ ᠢ ᠴᠢᠩᠭ᠎ᠠ ᠠᠩᠬᠠᠷᠴᠤ᠂ | ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠦᠨ ᠬᠦᠴᠦᠯᠡᠵᠦ᠂ ᠪᠦᠬᠦ ᠬᠦᠴᠦᠨ ᠢᠶᠠᠷ ᠢᠶᠠᠨ ᠡᠯ᠎ᠡ ᠵᠦᠢᠯ ᠤᠨ | ᠠᠵᠢᠯ ᠢ ᠨᠠᠷᠢᠨ ᠨᠢᠮᠪᠠᠢ ᠪᠣᠳᠠᠲᠠᠢ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠴᠥᠬᠦᠷᠡᠰᠢ ᠦᠭᠡᠢ ᠠᠳᠬᠤᠵᠤ᠂ | ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |