6 ᠳ᠋ᠤᠭᠠᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ ᠭᠤᠸ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠬᠡᠰᠡᠭ ᠨᠡᠶᠢᠭᠡᠮ ᠲᠣᠭᠤᠷᠢᠭ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠂ ᠾᠧ ᠺᠧᠦ | ᠪᠠᠯᠭᠠᠰᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠦᠨ ᠦᠢᠯᠡᠰ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ᠂ ᠠᠵᠢᠯ ᠤᠨ ᠪᠠᠶᠢᠷᠢᠨ ᠳᠤ ᠪᠠᠶᠢᠭ᠎ᠠ ᠨᠡᠶᠢᠭᠡᠮ ᠲᠣᠭᠤᠷᠢᠭ ᠤᠨ | ᠨᠠᠮ ᠤᠨ ᠡᠭᠦᠷ ᠤᠨ ᠱᠦᠵᠢ᠂ ᠡᠷᠬᠢᠯᠡᠭᠴᠢ ᠶᠢᠨ ᠵᠢᠩᠬᠢᠨᠢ ᠲᠤᠰᠢᠶᠠᠯ ᠤᠨ ᠬᠥᠯᠥᠰᠦ ᠣᠯᠭᠤᠮᠵᠢ ᠶᠢ | ᠰᠠᠶᠢᠵᠢᠷᠠᠭᠤᠯᠬᠤ ᠵᠡᠷᠭᠡ ᠶᠠᠪᠤᠳᠠᠯ ᠢ ᠰᠤᠳᠤᠯᠤᠨ ᠶᠠᠷᠢᠯᠴᠠᠪᠠ︔ ︽2023 ᠣᠨ ᠤ ᠲᠣᠭᠲᠠᠬᠤ ᠰᠢᠶᠠᠨ ︵ | ᠠᠵᠢᠯᠲᠠᠨ ᠠᠵᠢᠯᠴᠢᠨ︶ ᠤ ᠪᠡᠶ᠎ᠡ ᠲᠠᠮᠢᠷ ᠤᠨ ᠴᠤᠭᠯᠠᠭᠠᠨ ᠤ ᠬᠡᠷᠡᠭᠵᠢᠭᠦᠯᠬᠦ ᠲᠥᠰᠥᠯ︾ ᠢ ᠰᠤᠳᠤᠯᠪᠠ︔ ︽ | ᠲᠣᠭᠲᠠᠬᠤ ᠬᠡᠷᠡᠭᠯᠡᠭᠴᠢ ᠶᠢᠨ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠴᠠᠬᠢᠯᠭᠠᠨ ᠭᠠᠷᠭᠠᠬᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︵2023 ︱ | 2025 ᠣᠨ︶ ︵ᠰᠠᠨᠠᠯ ᠬᠤᠷᠢᠶᠠᠬᠤ ᠨᠣᠣᠷᠠᠭ︶︾ ︽ᠲᠣᠭᠲᠠᠬᠤ ᠰᠢᠶᠠᠨ ᠤ ᠴᠡᠨᠡᠭᠯᠡᠵᠦ ᠰᠣᠯᠢᠬᠤ ᠴᠠᠬᠢᠯᠭᠠᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ ︵2023 ︱ 2025 ᠣᠨ︶ ︵ᠰᠠᠨᠠᠯ ᠬᠤᠷᠢᠶᠠᠬᠤ ᠨᠣᠣᠷᠠᠭ︶︾ ᠶᠢ ᠬᠢᠨᠠᠨ ᠵᠥᠪᠯᠡᠪᠡ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠬᠤᠪᠢᠶᠠᠷᠢᠯᠠᠨ ᠬᠠᠮᠵᠢᠯᠴᠠᠵᠤ | ᠂ ᠬᠠᠮᠵᠢᠯᠴᠠᠭ᠎ᠠ ᠪᠠᠨ ᠴᠢᠩᠬᠠᠣᠠᠬᠠᠨ᠂ ᠨᠡᠶᠢᠭᠡᠮ ᠲᠣᠭᠤᠷᠢᠭ ᠤᠨ ᠣᠷᠣᠨ ᠬᠤᠪᠢᠶᠠᠷᠢᠯᠠᠯ ᠤᠨ ᠲᠣᠬᠢᠷᠠᠭᠤᠯᠤᠯᠲᠠ ᠶᠢ | ᠪᠤᠰᠢᠭᠤᠬᠠᠨ ᠪᠡᠶᠡᠯᠡᠭᠦᠯᠬᠦ ᠬᠡᠷᠡᠭᠳᠡᠢ᠃ ᠳᠡᠭᠡᠳᠦ ᠱᠠᠲᠤ ᠲᠠᠢ ᠪᠠᠨ ᠨᠡᠪᠲᠡᠷᠡᠯᠴᠡᠬᠦ ᠡᠷᠴᠢᠮ ᠢᠶᠠᠨ ᠴᠢᠩᠭᠠᠷᠠᠭᠤᠯᠵᠤ᠂ | ᠾᠧ ᠺᠧᠦ ᠪᠠᠯᠭᠠᠰᠤ ᠪᠠᠶᠢᠭᠤᠯᠬᠤ ᠪᠠᠷ ᠮᠡᠳᠡᠭᠦᠯᠬᠦ ᠲᠠᠰ ᠳᠠᠷᠠᠭᠠᠯᠠᠯ᠂ ᠬᠢᠨᠠᠨ ᠲᠣᠭᠲᠠᠭᠠᠬᠤ ᠪᠠᠷᠢᠮᠵᠢᠶ᠎ᠠ ᠶᠢ | ᠣᠨᠣᠪᠴᠢᠲᠠᠶ ᠡᠵᠡᠮᠰᠢᠨ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠵᠣᠬᠢᠶᠠᠨ ᠪᠠᠶᠢᠭᠤᠯᠵᠤ ᠠᠬᠢᠭᠤᠯᠬᠤ᠂ | ᠨᠡᠪᠲᠡᠷᠡᠯᠴᠡᠨ ᠵᠣᠬᠢᠴᠠᠭᠤᠯᠬᠤ᠂ ᠬᠢᠨᠠᠨ ᠵᠢᠯᠤᠭᠤᠳᠴᠤ ᠠᠬᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠤ ᠠᠵᠢᠯ ᠢ ᠰᠠᠶᠢᠲᠤᠷ ᠠᠳᠬᠤᠵᠤ᠂ ᠠᠵᠢᠯ ᠤᠨ | ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠤᠶᠠᠳᠤᠭᠠᠷ ᠤᠯᠠᠷᠢᠯ ᠤᠨ | ᠠᠵᠤ ᠠᠬᠤᠢ ᠶᠢᠨ ᠠᠵᠢᠯᠯᠠᠭᠠᠨ ᠤ ᠭᠤᠣᠯ ᠰᠢᠪᠲᠤᠯᠤᠯᠲᠠ ᠶᠢᠨ ᠴᠡᠭ ᠪᠣᠯᠣᠨ ᠬᠦᠴᠦᠯᠡᠴᠡ ᠶᠢᠨ ᠴᠡᠭ ᠢ | ᠣᠨᠣᠪᠴᠢᠲᠠᠢ ᠣᠯᠵᠤ᠂ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠭᠦᠷᠭᠡ ᠪᠠᠨ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠥᠨᠳᠥᠷ ᠲᠦᠪᠰᠢᠨ ᠪᠦᠬᠦᠢ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠬᠡᠷᠡᠭᠲᠡᠢ᠃ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠤᠨ ᠲᠡᠰ ᠤᠨ | ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠠᠮᠠᠯᠠᠯᠲᠠ ᠶᠢᠨ ᠳᠦᠷᠢᠮ ᠢᠶᠠᠷ ᠠᠵᠢᠯ ᠡᠬᠢᠯᠡᠭᠦᠯᠬᠦ᠂ ᠲᠦᠷᠦᠯ | ᠵᠦᠢᠯ ᠤᠨ ᠭᠠᠷᠠᠭ ᠤᠨ ᠲᠣᠬᠢᠷᠠᠭᠤᠯᠤᠯᠲᠠ ᠬᠢᠬᠦ ᠵᠡᠷᠭᠡ ᠠᠵᠢᠯ ᠤᠨ ᠲᠣᠭᠲᠠᠴᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠪᠠᠷᠢᠯᠭ᠎ᠠ ᠶᠢᠨ ᠬᠤᠭᠤᠴᠠᠭ᠎ᠠ ᠶᠢ ᠠᠳᠬᠤᠵᠤ᠂ ᠠᠬᠢᠴᠠ ᠶᠢ ᠠᠮᠵᠢᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ | ᠴᠢᠬᠤᠯᠠᠴᠢᠯᠠᠬᠤ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠳᠠᠭᠰᠢ ᠭᠠᠷᠴᠤ ᠬᠤᠳᠠᠯᠳᠤᠭᠠᠴᠢᠨ | ᠤᠷᠢᠬᠤ ᠪᠠ ᠠᠵᠤ ᠠᠬᠤᠶᠢᠯᠠᠯ ᠲᠠᠢ ᠵᠣᠯᠭᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠰ | ᠪᠡᠶ᠎ᠡ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠶᠡᠭᠡ ᠲᠥᠷᠥᠯ | ᠵᠦᠢᠯ᠂ ᠰᠠᠶᠢᠨ ᠲᠥᠷᠥᠯ ᠵᠦᠢᠯ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠪᠠ ᠴᠢᠷᠮᠠᠶᠢᠨ ᠣᠯᠵᠤ᠂ ᠲᠥᠷᠥᠯ | ᠵᠦᠢᠯ ᠤᠨ ᠭᠡᠷ᠎ᠡ ᠲᠣᠭᠲᠠᠬᠤ ᠨᠣᠷᠮ᠎ᠠ᠂ ᠪᠣᠳᠠᠲᠠᠶᠢᠵᠢᠭᠤᠯᠬᠤ ᠨᠣᠷᠮ᠎ᠠ᠂ ᠠᠵᠢᠯ ᠡᠬᠢᠯᠡᠭᠦᠯᠬᠦ ᠨᠣᠷᠮ᠎ᠠ ᠶᠢ ᠴᠢᠷᠮᠠᠶᠢᠨ | ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠨᠠᠩ ᠶᠡᠭᠡ ᠦᠷ᠎ᠡ ᠪᠦᠲᠦᠮᠵᠢ | ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |