ᠪᠡᠭᠡᠵᠢᠩ ᠳᠤ ᠰᠠᠮᠵᠠᠨ ᠪᠤᠳᠤ ᠡᠪᠡᠳᠴᠢᠨ ᠤᠯᠤᠬᠰᠠᠨ ᠬᠤᠶᠠᠷ ᠡᠪᠡᠳᠴᠢᠳᠠᠨ ᠭᠠᠷᠪᠠ︕
ᠨᠡᠶᠢᠲᠡᠯᠡᠭᠰᠡᠨ ᠴᠠᠭ᠄
2023/6/12
      ᠪᠡᠭᠡᠵᠢᠩ ᠤᠨ ᠡᠳᠦᠷ ᠤᠨ ᠰᠣᠨᠢᠨ ᠤ ᠰᠢᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠤᠢᠢᠷ᠎ᠠ ᠶᠢᠨ  ᠡᠳᠦᠷ  ᠪᠡᠭᠡᠵᠢᠩ ᠬᠤᠳᠠ ᠶᠢᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠨ ᠰᠠᠮᠵᠠᠨ ᠪᠤᠳᠤ ᠡᠪᠡᠳᠴᠢᠨ ᠤᠯᠤᠬᠰᠠᠨ ᠬᠤᠶᠠᠷ  ᠡᠪᠡᠳᠴᠢᠳᠠᠨ ᠭᠠᠷᠪᠠ᠂ ᠡᠭᠦᠨ ᠤ ᠨᠢᠭᠡ ᠨᠢ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠳᠡᠨ᠂ ᠨᠦᠬᠦᠭᠡ ᠨᠢᠭᠡ ᠨᠢ ᠬᠢᠯᠢ ᠶᠢᠨ ᠭᠠᠳᠠᠨ᠎ᠠ ᠠᠴᠠ ᠣᠷᠣᠵᠤ  ᠢᠷᠡᠭᠰᠡᠨ ᠡᠪᠡᠳᠴᠢᠳᠡᠨ ᠯᠦᠭᠡ ᠬᠠᠷᠢᠴᠠᠭ᠎ᠠ ᠬᠤᠯᠪᠤᠭ᠎ᠠ  ᠲᠠᠢ ᠡᠪᠡᠳᠴᠢᠳᠡᠨ   ᠪᠣᠯᠤᠨ᠎ᠠ᠂ ᠬᠤᠶᠠᠷ ᠡᠪᠡᠳᠴᠢᠳᠡᠨ ᠪᠦᠷ ᠨᠢᠭᠲᠠ ᠤᠢᠢᠷᠠᠲᠤᠯᠴᠠᠭᠰᠠᠨ ᠪᠤᠯᠵᠤ ᠬᠠᠯᠳᠠᠪᠤᠷᠢᠯᠠᠯ ᠡᠭᠦᠰᠴᠡᠢ ᠭᠡᠵᠦ ᠮᠡᠳᠡᠭᠦᠯᠪᠡ᠃              ᠡᠪᠡᠳᠴᠢᠳᠠᠨ ᠢ ᠤᠯᠵᠤ ᠮᠡᠳᠡᠭᠰᠡᠨ ᠤ ᠳᠠᠷᠠᠭ᠎ᠠ ᠬᠤᠲᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠨ ᠲᠠᠬᠤᠯ ᠡᠪᠡᠳᠴᠢᠨ ᠤ ᠪᠠᠶᠢᠴᠠᠭᠠᠯᠲᠠ᠂ ᠡᠮᠴᠢᠯᠡᠭᠡᠨ ᠤ ᠠᠪᠤᠷᠠᠨ  ᠵᠠᠰᠠᠬᠤ ᠵᠡᠷᠭᠡ ᠠᠵᠢᠯ ᠢ ᠦᠳᠲᠡᠷ ᠲᠦᠷᠭᠡᠨ ᠥᠷᠨᠢᠭᠦᠯᠪᠡ᠃ ᠣᠳᠣᠬᠠᠨ ᠳᠤ ᠬᠤᠶᠠᠷ ᠡᠪᠡᠳᠴᠢᠲᠡᠨ ᠢ ᠶᠠᠭ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ ᠪᠠᠶᠢᠬᠤ ᠪᠦᠭᠡᠳ ᠪᠠᠶᠢᠳᠠᠯ  ᠨᠢ ᠲᠣᠭᠲᠠᠭᠤᠨ ᠪᠠᠶᠢᠨ᠎ᠠ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1