ᠬᠠᠯᠠᠭᠤᠨ ᠬᠠᠶᠢᠯᠳᠠ ᠶᠢᠨ ᠲᠡᠷᠢᠬᠦᠨ ᠳᠤ ᠤᠷᠤᠪᠠ︕ ︽ᠤᠷᠤᠭ ᠰᠠᠯᠵᠤ ᠪᠣᠯᠬᠤ ᠦᠭᠡᠢ︾
ᠨᠡᠶᠢᠲᠡᠯᠡᠭᠰᠡᠨ ᠴᠠᠭ᠄
2023/6/13
      ᠵᠢᠶᠠᠩᠰᠦ ᠮᠤᠵᠢ ᠶᠢᠨ ᠹᠠᠩ ᠣᠪᠣᠭᠲᠤ ︵ᠪᠤᠷᠤᠭᠤᠯᠠᠭᠰᠠᠨ ᠨᠡᠷ᠎ᠡ︶ ᠪᠣᠯᠤᠨ ᠢᠦᠶ ᠣᠪᠣᠭᠲᠤ ︵ᠪᠤᠷᠤᠭᠤᠯᠠᠭᠰᠠᠨ ᠨᠡᠷ᠎ᠡ︶ ᠡᠷ᠎ᠡ ᠡᠮ᠎ᠡ ᠬᠤᠶᠠᠭᠤᠯᠠ 2016  ᠣᠨ ᠤ 5 ᠰᠠᠷ᠎ᠠ ᠳᠤ ᠪᠤᠰᠤᠳ ᠤᠨ ᠲᠠᠨᠢᠯᠴᠠᠭᠤᠯᠭ᠎ᠠ ᠪᠠᠷ ᠲᠠᠨᠢᠯᠴᠠᠨ  ᠢᠨᠠᠭᠯᠠᠵᠤ᠂ ᠳᠠᠷᠠᠭ᠎ᠠ ᠨᠢ ᠪᠦᠷᠢᠳᠬᠡᠭᠦᠯᠦᠨ ᠲᠠᠩᠰᠠᠯᠠᠭᠤᠯᠵᠤ ᠤᠷᠤᠭᠯᠠᠭᠠᠳ᠂ ᠬᠤᠶᠠᠷ ᠵᠢᠯ ᠤᠨ ᠲᠠᠷᠠᠭ᠎ᠠ ᠨᠢᠭᠡᠨ  ᠬᠥᠭᠡᠷᠦᠬᠦᠨ  ᠥᠬᠢᠨ ᠲᠠᠢ ᠪᠣᠯᠵᠠᠶ᠃              ᠡᠭᠦᠨ ᠠᠴᠠ ᠡᠮᠦᠨ᠎ᠡ᠂ ᠹᠠᠩ ᠣᠪᠣᠭᠲᠤ ᠰᠢᠭᠦᠬᠦ ᠬᠤᠷᠢᠶ᠎ᠠ ᠳᠤ ᠤᠷᠤᠭ ᠰᠠᠯᠬᠤ ᠵᠠᠭᠠᠯᠳᠤᠯᠭ᠎ᠠ ᠭᠠᠷᠭᠠᠬᠰᠠᠨ  ᠳᠤ ᠨᠢᠴᠤᠭᠠᠬᠤ ᠲᠠᠰᠤᠯᠤᠯᠳᠡ ᠤᠯᠪᠠ᠂ ᠨᠢᠭᠡ ᠵᠢᠯ ᠤᠨ ᠳᠠᠷᠠᠭ᠎ᠠ ᠹᠠᠩ ᠣᠪᠣᠭᠲᠤ ᠳᠠᠬᠢᠨᠲᠠ ᠤᠷᠤᠭ ᠰᠠᠯᠬᠤ ᠵᠠᠭᠠᠯᠳᠤᠯᠭ᠎ᠠ ᠭᠠᠷᠭᠠᠬᠰᠠᠨ ᠤ ᠬᠠᠮᠲᠤ ᠰᠢᠭᠦᠬᠦ ᠬᠤᠷᠢᠶᠠᠨ ᠳᠤ ᠬᠡᠦᠬᠡᠳ ᠢᠶᠠᠨ ᠡᠷᠡᠭᠲᠡᠶ ᠪᠠᠷ ᠢᠶᠠᠨ ᠠᠰᠠᠷᠠᠨ  ᠲᠡᠵᠢᠭᠡᠯᠭᠡᠬᠦ ᠪᠠᠷ ᠰᠢᠭᠦᠨ ᠲᠠᠰᠤᠯᠬᠤ ᠶᠢ ᠱᠠᠭᠠᠷᠳᠠᠵᠠᠶ᠃              ︽ᠡᠮᠡᠭᠲᠡᠢ ᠨᠢ ᠦᠪᠡᠷ ᠢ ᠪᠠᠨ ᠦᠷᠭᠦᠯᠵᠢ ᠰᠥᠨᠢ ᠶᠢᠨ ᠡᠭᠡᠯᠵᠢ ᠳᠤ ᠠᠵᠢᠯᠯᠠᠳᠠᠭ ᠪᠤᠯᠬᠤᠷ ᠬᠡᠦᠬᠡᠳ ᠢᠶᠠᠨ ᠠᠰᠠᠷᠠᠨ ᠲᠡᠵᠢᠭᠡᠬᠦ ᠴᠢᠳᠠᠪᠤᠷᠢ ᠦᠭᠡᠢ ᠭᠡᠵᠦ ᠦᠵᠡᠭᠰᠡᠨ ᠤ ᠬᠠᠮᠲᠤ ᠦᠪᠡᠷ ᠤᠨ ᠡᠵᠢ ᠨᠢ ᠪᠡᠶ᠎ᠡ ᠮᠠᠭᠤ ᠡᠪᠡᠳᠴᠢᠨ ᠣᠯᠠᠨᠲᠠᠢ  ᠪᠤᠯᠬᠤᠷ ᠦᠷᠭᠦᠯᠵᠢ ᠡᠵᠢ ᠪᠠᠨ ᠬᠠᠷᠠᠭᠠᠯᠵᠠᠳᠠᠭ᠂ ᠡᠶᠢᠮᠦ ᠠᠴᠠ ᠲᠡᠭᠦᠨ ᠤ ᠭᠡᠷ ᠤᠨ ᠬᠥᠮᠦᠰ ᠨᠢ ᠴᠦ  ᠬᠡᠦᠬᠡᠳ ᠢ  ᠠᠰᠠᠷᠠᠨ ᠬᠠᠷᠠᠭᠠᠯᠵᠠᠬᠤ ᠶᠢᠨ ᠠᠷᠭ᠎ᠠ ᠦᠭᠡᠢ ᠭᠡᠵᠦ ᠦᠵᠡᠭᠡᠳ ᠡᠷᠡᠭᠲᠡᠢ ᠪᠠᠷ ᠢᠶᠠᠨ ᠠᠰᠠᠷᠠᠨ ᠲᠡᠵᠢᠭᠡᠯᠭᠡᠬᠦ ᠪᠠᠷ ᠳᠤᠷᠠᠳᠴᠠᠢ︾ ᠭᠡᠵᠦ ᠰᠢᠭᠦᠬᠦ ᠬᠤᠷᠢᠶᠠᠨ ᠤ ᠠᠵᠢᠯᠲᠠᠨ ᠠᠴᠠ ᠹᠠᠩ ᠣᠪᠣᠭᠲᠤ ᠶᠢᠨ ᠭᠤᠶᠤᠴᠢᠯᠠᠯ  ᠤᠨ ᠲᠤᠬᠠᠢ ᠢᠩᠭᠢᠵᠦ ᠲᠠᠶᠢᠯᠪᠤᠷᠢᠯᠠᠯ᠎ᠡ᠃ ᠡᠨᠡ ᠬᠦ ᠱᠠᠭᠠᠷᠳᠠᠯᠭ᠎ᠠ ᠶᠢᠨ ᠲᠤᠬᠠᠶ ᠢᠦᠶ ᠣᠪᠣᠭᠲᠤ ᠬᠡᠯᠡᠬᠦ ᠳᠡᠭᠡᠨ᠂ ᠥᠪᠡᠷ ᠤᠨ ᠠᠵᠢᠯ ᠨᠢ ᠲᠣᠭᠲᠠᠪᠤᠷᠢ ᠦᠭᠡᠶ ᠪᠥᠭᠡᠳ ᠣᠷᠣᠨ ᠰᠠᠭᠤᠴᠠ ᠦᠭᠡᠶ᠂ ᠲᠡᠷᠡ ᠮᠥᠷᠲᠡᠭᠡᠨ ᠤᠷᠤᠭ ᠰᠠᠯᠤᠭᠰᠠᠨ ᠦᠭᠡᠶ ᠪᠠᠶᠢᠳᠠᠯ ᠳᠣᠣᠷ᠎ᠠ ᠬᠡᠦᠬᠡᠳ ᠢ ᠡᠵᠢ ᠮᠠᠨᠢ ᠬᠠᠷᠠᠭᠠᠯᠵᠠᠭᠰᠠᠭᠠᠷ ᠢᠷᠡᠪᠡ᠂ ᠣᠳᠣ ᠡᠵᠢ ᠨᠢᠭᠡᠨᠲᠡ ᠨᠠᠰᠤ ᠠᠭᠢᠬᠰᠠᠨ ᠠᠴᠠ ᠭᠠᠭᠴᠠᠭᠠᠷ ᠢᠶᠠᠨ ᠬᠡᠦᠬᠡᠳ ᠢ ᠬᠠᠷᠠᠭᠠᠯᠵᠠᠬᠤ ᠳᠤ ᠳᠥᠭᠦᠮ ᠦᠭᠡᠢ ᠪᠤᠯᠵᠠᠢ᠂ ᠡᠶᠢᠮᠦ ᠠᠴᠠ ᠬᠡᠦᠬᠡᠳ ᠢ ᠠᠰᠠᠷᠠᠨ ᠲᠡᠵᠢᠭᠡᠵᠦ ᠲᠡᠶᠢᠯᠬᠦ ᠦᠭᠡᠢ ᠬᠡᠪᠡ᠃              ᠰᠢᠭᠦᠬᠦ ᠬᠤᠷᠢᠶ᠎ᠠ ᠶᠢᠨ ᠬᠢᠨ ᠰᠢᠭᠦᠨ  ᠰᠢᠢᠳᠪᠦᠷᠢᠯᠡᠬᠦ ᠳᠡᠭᠡᠨ᠂  ᠡᠷ᠎ᠡ ᠡᠮ᠎ᠡ ᠬᠤᠶᠠᠭᠤᠯᠠ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ ᠠᠰᠠᠭᠤᠳᠠᠯ ᠳᠡᠭᠡᠷ᠎ᠡ ᠬᠠᠷᠢᠯᠴᠠᠨ ᠲᠦᠯᠬᠢᠯᠴᠡᠵᠦ᠂ ᠤᠷᠤᠭ ᠭᠡᠷ ᠪᠦᠯᠢ ᠶᠢᠨ ᠶᠣᠰᠣ ᠮᠣᠷᠠᠯ ᠤᠨ ᠵᠢᠷᠤᠮᠵᠢᠯ ᠪᠠ‌ᠨᠡᠶᠢᠲᠡ ᠶᠢᠨ ᠡᠮᠬᠢ ᠵᠢᠷᠤᠮ ᠰᠠᠶᠢᠨ ᠰᠠᠶᠢᠬᠠᠨ ᠬᠡᠪ ᠵᠠᠩᠰᠢᠯ ᠢ ᠬᠦᠨᠳᠦ  ᠨᠣᠴᠢᠲᠠᠢ  ᠵᠥᠷᠢᠴᠡᠵᠦ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠰᠢᠭᠤᠳ ᠬᠠᠯᠳᠠᠭᠰᠠᠨ ᠪᠠᠶᠢᠨ᠎ᠠ ᠬᠡᠵᠦ ᠦᠵᠡᠪᠡ᠃       ᠡᠴᠦᠰ ᠲᠡᠭᠡᠨ ᠰᠢᠭᠦᠬᠦ ᠬᠤᠷᠢᠶ᠎ᠠ ᠶᠢᠨ ᠬᠢᠨ ᠤᠷᠤᠭ ᠰᠠᠯᠬᠤ ᠶᠢ ᠨᠢ ᠦᠯᠦ ᠵᠥᠪᠰᠢᠶᠡᠷᠡᠬᠦ ᠲᠠᠰᠤᠯᠤᠯᠲᠠ ᠭᠠᠷᠭᠠᠵᠤ᠂ ᠲᠠᠰᠤᠯᠤᠯᠲᠠ ᠪᠠᠷ ᠳᠠᠮᠵᠢᠨ ᠬᠤᠶᠠᠷ ᠲᠠᠯ᠎ᠠ ᠪᠠᠷ ᠢᠶᠠᠨ ᠥᠪᠡᠷ ᠤᠨ ᠦᠢᠯᠡ ᠠᠵᠢᠯᠯᠠᠭ᠎ᠠ ᠪᠠᠨ  ᠡᠷᠭᠢᠴᠡᠭᠦᠯᠦᠨ  ᠪᠣᠳᠣᠵᠤ᠂ ᠭᠡᠷ ᠪᠦᠯᠢ ᠶᠢᠨ ᠬᠠᠷᠢᠭᠤᠴᠠᠯᠭ᠎ᠠ ᠪᠠᠨ ᠲᠦᠯᠬᠢᠬᠦ ᠦᠭᠡᠢ᠂ ᠨᠠᠰᠤᠨ ᠳᠤ  ᠬᠦᠷᠦᠭᠡᠳᠦᠢ  ᠦᠷ᠎ᠡ ᠬᠡᠦᠬᠡᠳ ᠤᠨ ᠡᠷᠬᠡ ᠠᠰᠢᠭ ᠠᠴᠠ ᠪᠣᠳᠣᠯᠬᠢᠯᠠᠵᠤ᠂ ᠭᠡᠷ ᠪᠦᠯᠢ ᠶᠢᠨ ᠵᠥᠷᠢᠴᠡᠯ ᠢ ᠲᠣᠬᠢᠲᠠᠶ ᠰᠢᠢᠳᠪᠦᠷᠢᠯᠡᠬᠦ ᠶᠢ ᠬᠦᠰᠡᠵᠠᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1