ᠮᠠᠨ ᠤ ᠰᠢᠶᠠᠨ ᠤ 14—17 ᠤ ᠡᠳᠦᠷ ᠤᠨ ᠶᠡᠬᠡᠩᠬᠢ ᠭᠠᠵᠠᠷ ᠲᠤ ᠦᠷᠭᠦᠯᠵᠢᠯᠡᠨ ᠠᠭᠠᠷ ᠤᠨ ᠳᠤᠯᠠᠭᠠᠨ ᠲᠡᠭᠡᠭᠰᠢᠯᠡᠨ᠎ᠡ᠂ ᠬᠠᠮᠤᠭ ᠤᠨ ᠥᠨᠳᠥᠷ ᠠᠭᠠᠷ ᠤᠨ ᠳᠤᠯᠠᠭᠠᠨ 35℃ ᠲᠤ ᠭᠦᠷᠦᠨ᠎ᠡ
ᠨᠡᠶᠢᠲᠡᠯᠡᠭᠰᠡᠨ ᠴᠠᠭ᠄
2023/6/14
      14   ᠠᠴᠠ 17 ᠤ ᠡᠳᠦᠷ ᠪᠣᠯᠲᠠᠯ᠎ᠠ ᠪᠦᠬᠦ ᠰᠢᠶᠠᠨ ᠤ ᠶᠡᠬᠡᠩᠬᠢ ᠭᠠᠵᠠᠷ ᠲᠤ ᠦᠷᠭᠦᠯᠵᠢᠯᠡᠨ ᠠᠭᠠᠷ ᠤᠨ ᠳᠤᠯᠠᠭᠠᠨ ᠲᠡᠭᠡᠭᠰᠢᠯᠡᠨ᠎ᠡ᠂ ᠬᠠᠮᠤᠭ ᠤᠨ ᠥᠨᠳᠥᠷ ᠠᠭᠠᠷ ᠤᠨ ᠳᠤᠯᠠᠭᠠᠨ 35℃ ᠲᠤ ᠭᠦᠷᠦᠨ᠎ᠡ᠃      ᠨᠢᠭᠡ᠂ ᠪᠣᠳᠠᠲᠠᠢ ᠤᠷᠢᠳᠴᠢᠯᠠᠭᠰᠠᠨ ᠮᠡᠳᠡᠭᠡ      ᠴᠠᠭ ᠠᠭᠤᠷ ᠤᠨ ᠪᠠᠶᠢᠳᠠᠯ ᠤᠨ ᠵᠠᠳᠠᠯᠤᠯᠲᠠ ᠶᠢ ᠦᠨᠳᠦᠰᠦᠯᠡᠪᠡᠯ᠂ ᠵᠢᠱᠢᠯᠲᠡ ᠪᠠᠷ 6 ᠳ᠋ᠤᠭᠠᠷ ᠰᠠᠷ᠎ᠠ ᠶᠢᠨ 14 ᠤ ᠡᠳᠦᠷ ᠠᠴᠠ 17 ᠤ ᠡᠳᠦᠷ ᠪᠣᠯᠲᠠᠯ᠎ᠠ ᠪᠥᠬᠦ ᠰᠢᠶᠠᠨ ᠤ ᠶᠡᠬᠡᠩᠬᠢ ᠭᠠᠵᠠᠷ ᠤᠨ ᠠᠭᠠᠷ ᠤᠨ ᠳᠤᠯᠠᠭᠠᠨ ᠢᠯᠡᠳᠲᠡ ᠳᠡᠭᠡᠭᠰᠢᠯᠡᠵᠦ᠂ ᠬᠠᠮᠤᠭ ᠤᠨ ᠥᠨᠳᠥᠷ ᠠᠭᠠᠷ ᠤᠨ ᠳᠤᠯᠠᠭᠠᠨ ᠨᠢ 35℃ ᠬᠦᠷᠬᠦ ᠪᠣᠯᠣᠨ᠎ᠠ᠃      ᠬᠤᠶᠠᠷ᠂ ᠨᠥᠯᠥᠭᠡ ᠪᠠ ᠰᠠᠨᠠᠭᠤᠯᠭ᠎ᠠ᠄      1᠂ ᠴᠡᠯᠮᠡᠭ ᠬᠠᠯᠠᠭᠤᠨ ᠥᠨᠳᠥᠷ ᠳᠤᠯᠠᠭᠠᠨ ᠠᠭᠤᠷ ᠠᠮᠢᠰᠬᠤᠯ ᠭᠠᠩ ᠬᠠᠭᠰᠠᠷᠠᠭᠠᠨ ᠤ ᠪᠠᠶᠢᠳᠠᠯ ᠢ ᠤᠯᠠᠮ ᠬᠡᠴᠡᠭᠦᠳᠡᠭᠦᠯᠵᠦ ᠪᠠᠶᠢᠭ᠎ᠠ ᠪᠣᠯᠬᠤᠷ ᠲᠠᠷᠢᠶᠠᠯᠠᠩ ᠤᠨ ᠠᠮᠢᠳᠤᠷᠠᠯ ᠳᠤ ᠵᠣᠷᠢᠭᠤᠯᠤᠭᠰᠠᠨ ᠭᠠᠩ ᠬᠠᠭᠰᠠᠷᠠᠭᠠᠨ ᠤ ᠠᠩᠬᠠᠷᠤᠯ   ᠢ ᠴᠢᠩᠭᠠᠳᠬᠠᠬᠤ ᠬᠡᠷᠡᠭᠲᠡᠢ᠃      2᠂ ᠣᠶᠢᠷ᠎ᠠ ᠶᠢᠨ ᠬᠤᠭᠤᠴᠠᠭᠠᠨ ᠳᠤ ᠬᠤᠷ᠎ᠠ ᠲᠤᠨᠤᠳᠠᠰᠤ ᠪᠠᠭ᠎ᠠ᠂ ᠭᠠᠵᠠᠷ ᠤᠨ ᠭᠠᠳᠠᠷᠭᠤ ᠭᠠᠩ ᠬᠠᠭᠤᠷᠠᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠰ ᠨᠡᠯᠢᠶᠡᠳ ᠥᠨᠳᠥᠷ ᠪᠤᠯᠬᠤᠷ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠭᠠᠯ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠢ︔      3᠂ ᠬᠤᠲᠠ ᠶᠢᠨ ᠠᠷᠠᠳ ᠲᠤ ᠢᠳᠡᠭᠡᠨ ᠤᠮᠳᠠᠭᠠᠨ ᠢᠶᠠᠨ ᠵᠦᠢ ᠵᠣᠬᠢᠰᠲᠠᠢ ᠪᠠᠶᠢᠯᠭᠠᠬᠤ ᠶᠢ ᠰᠠᠨᠠᠭᠤᠯᠵᠤ᠂ ᠬᠠᠯᠠᠭᠤᠨ ᠢ ᠪᠠᠭᠤᠷᠠᠭᠤᠯᠬᠤ ᠶᠢ ᠠᠩᠬᠠᠷᠬᠤ ᠬᠡᠷᠡᠭᠲᠡᠢ︔ ᠦᠳᠡ ᠶᠢᠨ ᠬᠤᠶᠢᠨ᠎ᠠ ᠠᠯᠢ ᠴᠢᠳᠠᠬᠤ ᠪᠠᠷ ᠭᠠᠳᠠᠨ᠎ᠠ ᠬᠥᠳᠡᠯᠭᠡᠭᠡᠨ ᠬᠢᠬᠦ ᠠᠴᠠ ᠵᠠᠶᠢᠯᠠᠰᠬᠢᠨ᠎ᠡ᠃ ᠭᠡᠷ ᠤᠨ ᠭᠠᠳᠠᠨ᠎ᠠ ᠠᠵᠢᠯᠯᠠᠬᠤ ᠬᠥᠮᠥᠰ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠦᠷᠭᠦᠯᠵᠢᠯᠡᠨ ᠠᠵᠢᠯᠯᠠᠬᠤ ᠴᠠᠭ ᠢᠶᠠᠨ ᠪᠣᠭᠤᠨᠢᠰᠬᠠᠬᠤ ᠬᠡᠷᠡᠭᠲᠡᠢ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1