ᠬᠠ ᠯᠢ ᠴᠢᠨ | ︽ᠰᠠᠶᠢᠨ ᠡᠷ᠎ᠡ ᠠᠵᠢᠯ ᠬᠢᠪᠡᠯ ᠳᠠᠭᠤᠰᠲᠠᠯ᠎ᠠ︾᠂ ᠠᠵᠢᠯ ᠬᠢᠵᠦ ᠦᠢᠯᠡᠰ ᠪᠤᠰᠬᠠᠬᠤ ᠳᠤ ᠮᠣᠩᠭᠤᠯ ᠮᠣᠷᠢ | ᠲᠠᠢ ᠠᠳᠠᠯᠢ᠂ ᠬᠠᠷᠠᠯᠲᠠ ᠪᠠᠨ ᠲᠣᠭᠲᠠᠭᠠᠪᠠᠯ ᠰᠢᠨᠲᠠᠷᠠᠰᠢ ᠦᠭᠡᠢ᠂ ᠡᠷᠡᠯᠬᠡᠭᠯᠡᠨ ᠤᠷᠤᠭᠰᠢᠯᠠᠵᠤ᠂ ᠴᠥᠬᠦᠷᠡᠰᠢ ᠦᠭᠡᠢ | ᠴᠢᠷᠮᠠᠶᠢᠵᠤ ᠪᠣᠳᠠᠲᠤ ᠦᠷ᠎ᠡ ᠪᠦᠲᠦᠮᠵᠢ ᠣᠯᠬᠤ ᠦᠭᠡᠢ ᠪᠣᠯ ᠶᠠᠭᠠᠬᠢᠭᠰᠠᠨ ᠴᠤ ᠲᠠᠯᠪᠢᠬᠤ ᠦᠭᠡᠢ᠂ | ᠵᠣᠷᠢᠭᠰᠠᠨ ᠳᠤ ᠪᠠᠨ ᠬᠦᠷᠬᠦ ᠦᠭᠡᠢ ᠪᠣᠯ ᠵᠣᠷᠢᠭ ᠮᠣᠬᠤᠬᠤ ᠦᠭᠡᠢ᠃ | ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨᠴᠦ | ᠲᠡᠷᠡ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠭᠰᠠᠨ ᠴᠦ ᠲᠡᠷᠡ᠂ | ᠬᠠᠲᠠᠨ ᠵᠣᠷᠢᠭ ᠢᠶᠠᠷ ᠲᠡᠮᠡᠴᠡᠵᠦ᠂ ᠬᠠᠲᠠᠭᠤ ᠵᠣᠷᠢᠭ ᠢᠶᠠᠷ ᠦᠵᠡᠯᠴᠡᠵᠦ᠂ ᠵᠣᠷᠢᠭᠰᠠᠨ ᠳᠤ ᠪᠠᠨ ᠬᠦᠷᠬᠦ ᠦᠭᠡᠢ ᠪᠣᠯ | ᠵᠣᠷᠢᠭ ᠮᠣᠬᠤᠬᠤ ᠦᠭᠡᠢ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠴᠢᠬᠤᠯᠠᠲᠠᠶ ᠶᠤᠮ᠃ ᠢᠪᠡ ᠳᠠᠷᠤᠨ | ᠣᠷᠣᠬᠤ ᠳᠤ ᠨᠢᠭᠡ ᠦᠶ᠎ᠡ ᠠᠮᠠᠷᠬᠠᠨ᠂ ᠴᠤᠴᠠᠯᠲᠠ ᠦᠭᠡᠢ ᠪᠠᠷᠢᠮᠲᠠᠯᠠᠬᠤ ᠨᠢ ᠬᠠᠮᠤᠭᠡᠴᠠ ᠬᠦᠴᠢᠷ᠃ ᠪᠣᠳᠠᠲᠠᠶ | ᠦᠢᠯᠡᠳᠦᠯᠭᠡ ᠶᠢᠨ ᠳᠤᠮᠳᠠ᠂ ᠵᠠᠷᠢᠮ ᠰᠤᠷᠤᠯᠴᠠᠯᠭ᠎ᠠ ᠨᠢ ᠳᠤᠲᠠᠭᠤ ᠲᠣᠷᠭᠤᠨ ᠵᠣᠭᠰᠣᠵᠤ᠂ ᠪᠠᠷᠰ ᠤᠨ | ᠲᠣᠯᠣᠭᠠᠢ ᠪᠠᠷ ᠡᠬᠢᠯᠡᠨ ᠮᠤᠭᠠᠢ ᠶᠢᠨ ᠰᠡᠭᠦᠯ ᠢᠶᠠᠷ ᠲᠡᠭᠦᠰᠴᠦ᠂ ᠵᠠᠷᠢᠮ ᠠᠵᠢᠯ ᠨᠢ ᠳᠤᠲᠠᠭᠤ ᠳᠣᠷᠭᠤᠨ ᠂ ᠬᠠᠰᠢ | ᠶᠠᠰᠢ ᠢᠶᠠᠷ ᠬᠠᠶᠠᠭᠳᠠᠵᠤ᠂ ᠵᠠᠷᠢᠮ ᠪᠠᠶᠢᠴᠠᠭᠠᠨ ᠰᠤᠳᠤᠯᠤᠯᠲᠠ ᠨᠢ ᠥᠩᠭᠡᠨ ᠳᠡᠭᠡᠭᠦᠷ ᠨᠢ ᠬᠥᠪᠵᠦ᠂ ᠬᠠᠯᠲᠤ | ᠮᠥᠯᠲᠥ ᠪᠠᠶᠢᠵᠤ᠂ ᠡᠨᠡ ᠨᠢ ᠴᠢᠳᠠᠪᠤᠷᠢ ᠳᠤᠲᠠᠮᠠᠭ᠂ ᠬᠠᠯᠠᠭᠤᠨ ᠰᠡᠳᠬᠢᠯᠭᠡ ᠳᠤᠲᠠᠮᠠᠭ ᠠᠴᠠ ᠪᠣᠯᠤᠭᠰᠠᠨ ᠪᠢᠰᠢ᠂ | ᠬᠠᠷᠢᠨ ᠰᠢᠨᠲᠠᠷᠠᠰᠢ ᠦᠭᠡᠢ ᠪᠠᠷᠢᠮᠲᠠᠯᠠᠬᠤ ᠴᠤᠭ ᠰᠦᠯᠳᠡ ᠪᠠᠷ ᠳᠤᠲᠠᠮᠠᠭ ᠠᠴᠠ ᠪᠣᠯᠤᠭᠰᠠᠨ ᠶᠤᠮ᠃ ︽ᠭᠠᠭᠴᠠ | ᠭᠠᠷ ᠲᠠᠢ ᠭᠠᠩᠨᠠᠭᠰᠠᠨ ᠪᠠᠭᠠᠲᠤᠷ︾ ᠯᠦ ᠷᠧᠨ ᠹᠧᠩ 99 ᠮᠠᠶ᠋ᠢᠭ ᠤᠨ ᠲᠠᠩᠺ ᠤᠨ ᠭᠠᠩᠨᠠᠯᠲᠠ ᠶᠢᠨ ᠬᠦᠴᠢᠷ | ᠠᠰᠠᠭᠤᠳᠠᠯ ᠢ ᠰᠢᠢᠳᠪᠦᠷᠢᠯᠡᠵᠦ᠂ ᠤᠷᠠᠨ ᠳᠠᠷᠬᠠᠨ ᠤ ᠰᠡᠳᠬᠢᠯ ᠢᠶᠠᠷ ᠤᠯᠤᠰ ᠤᠨ ᠴᠢᠬᠤᠯᠠ ᠵᠡᠪᠰᠡᠭ ᠢ ᠴᠣᠭᠴᠠᠯᠠᠪᠠ︔ | ᠡᠯᠡᠰᠦ ᠶᠢ ᠵᠠᠰᠠᠭᠰᠠᠨ ᠵᠢᠱᠢᠶᠡᠴᠢ ᠶᠢᠨ ᠢᠦᠢ ᠵᠧᠨ ︽ᠡᠯᠡᠰᠦ︾ ᠶᠢ ᠨᠡᠭᠦᠯᠭᠡᠵᠦ᠂ ᠮᠠᠭᠤ ᠤᠰᠤ ᠶᠢᠨ | ᠥᠷᠥᠴᠡᠨ ᠳᠤ ︽ᠨᠣᠭᠤᠭᠠᠨ ᠸᠠᠩᠲᠤ ᠤᠯᠤᠰ︾ ᠢ ᠪᠠᠶᠢᠭᠤᠯᠤᠭᠰᠠᠨ ᠨᠢ ᠬᠠᠷᠠᠯᠲᠠ ᠪᠠᠨ ᠴᠢᠩᠭ᠎ᠠ ᠪᠠᠷᠢᠮᠲᠠᠯᠠᠵᠤ | ᠰᠤᠯᠠᠷᠠᠭᠤᠯᠤᠯ ᠦᠭᠡᠢ᠂ ᠪᠦᠷᠢᠨ ᠢᠯᠠᠯᠲᠠ ᠣᠯᠬᠤ ᠤᠶᠢᠭᠡᠢ ᠪᠣᠯ ᠴᠡᠷᠢᠭ ᠢᠶᠠᠨ ᠲᠠᠲᠠᠬᠤ ᠤᠶᠢᠭᠡᠢ ᠬᠠᠳᠠᠨ | ᠵᠣᠷᠢᠭ ᠲᠤ ᠲᠦᠰᠢᠭᠯᠡᠭᠰᠡᠨ ᠠᠴᠠ ᠪᠣᠯᠤᠭᠰᠠᠨ ᠶᠤᠮ᠃ ᠮᠣᠩᠭᠤᠯ ᠮᠣᠷᠢᠨ ᠤ ᠵᠣᠷᠢᠭ ᠰᠠᠨᠠᠭᠠᠨ ᠤ ᠦᠨᠡᠨᠴᠢ | ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠲᠡᠭᠦᠨ ᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ᠂ ᠠᠵᠢᠯ ᠤᠨ ᠡᠯ᠎ᠡ ᠲᠠᠯ᠎ᠠ ᠳᠤ ᠠᠭᠤᠰᠤᠯᠴᠠᠭᠤᠯᠵᠤ᠂ ᠡᠳᠦᠷ ᠪᠦᠷᠢ | ᠴᠢᠷᠮᠠᠶᠢᠨ ᠤᠷᠲᠤ ᠬᠤᠭᠤᠴᠠᠭ᠎ᠠ ᠪᠠᠷ ᠴᠢᠷᠮᠠᠶᠢᠵᠤ᠂ ᠬᠦᠴᠢᠷ ᠠᠴᠠ ᠠᠶᠤᠬᠤ ᠦᠭᠡᠢ ᠪᠣᠯ ᠯᠠᠪᠲᠠᠢ ᠰᠢᠨ᠎ᠡ ᠡᠭᠦᠳᠦᠨ | ᠪᠦᠲᠦᠭᠡᠯᠲᠡ ᠶᠢ ᠬᠥᠭᠵᠢᠭᠡᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠦᠷ᠎ᠡ ᠪᠦᠲᠦᠮᠵᠢ ᠣᠯᠵᠤ | ᠴᠢᠳᠠᠨ᠎ᠠ᠃ | ᠣᠳᠣᠬᠠᠨ ᠳᠤ᠂ ᠥᠪᠥᠷ ᠮᠣᠩᠭᠤᠯ ᠤᠨ ᠬᠥᠭᠵᠢᠯᠲᠡ ᠶᠢᠨ ᠦᠰᠦᠨ ᠪᠤᠶᠢᠵᠢᠬᠤ ᠳᠤᠮᠳᠠᠬᠢ ︽ᠪᠤᠬᠢᠨᠢᠳᠤᠯ︾ | ᠪᠠ ᠬᠡᠯᠪᠡᠷᠢ ᠪᠠᠨ ᠬᠤᠪᠢᠷᠠᠭᠤᠯᠬᠤ ᠳᠤᠮᠳᠠᠬᠢ ᠬᠦᠴᠢᠷᠳᠡᠯ ᠲᠤᠯᠭᠠᠷᠠᠵᠤ ᠪᠠᠶᠢᠨ᠎ᠠ᠂ ᠴᠥᠭᠡᠨ ᠪᠤᠰᠤ ᠪᠡᠷᠬᠡ | ᠠᠰᠠᠭᠤᠳᠠᠯ ᠣᠷᠣᠰᠢᠵᠤ᠂ ᠮᠠᠰᠢ ᠣᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ ᠴᠢᠬᠤᠯᠠᠲᠠᠢ᠃ ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠳᠡᠰ ᠲᠡᠪᠰᠢᠭᠦᠯᠬᠦ︾ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠡᠶᠡᠯᠡᠭᠦᠯᠬᠦ ᠳᠤ᠂ | ᠮᠠᠨ ᠤ ᠴᠢᠳᠠᠪᠤᠷᠢ ᠪᠣᠯᠤᠨ ᠲᠡᠰᠪᠦᠷᠢ ᠶᠢ ᠰᠢᠯᠭᠠᠵᠤ ᠪᠠᠶᠢᠨ᠎ᠠ᠃ ᠤᠯᠠᠮ ᠳᠠᠷᠤᠯᠲᠠ ᠳᠠᠪᠬᠤᠴᠠᠵᠤ᠂ ᠬᠦᠨᠳᠦ | ᠡᠭᠦᠷᠭᠡ ᠶᠢ ᠡᠭᠦᠷᠭᠡᠯᠡᠨ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠤᠯᠠᠮ ᠮᠣᠩᠭᠤᠯ ᠮᠣᠷᠢᠨ ᠤ ᠵᠣᠷᠢᠭ | ᠰᠠᠨᠠᠭ᠎ᠠ ᠠᠴᠠ ᠰᠢᠮ᠎ᠡ ᠲᠡᠵᠢᠭᠡᠯ ᠭᠥᠷᠳᠡᠵᠦ᠂ ᠬᠤᠪᠢᠷᠠᠰᠢ ᠦᠭᠡᠢ᠂ ᠨᠤᠭᠤᠷᠠᠰᠢ ᠦᠭᠡᠢ ᠣᠶᠤᠨ ᠰᠠᠨᠠᠭᠠᠨ ᠤ | ᠬᠥᠳᠡᠯᠭᠡᠬᠦ ᠬᠦᠴᠦᠨ ᠢ ᠬᠥᠭᠵᠢᠭᠡᠵᠦ᠂ ᠬᠦᠴᠢᠷ ᠪᠡᠷᠬᠡᠰᠢᠶᠡᠯ ᠤᠨ ᠳᠤᠮᠳᠠ ᠠᠴᠠ ᠵᠠᠮ ᠡᠷᠢᠵᠦ᠂ ᠬᠦᠴᠢᠷᠳᠡᠯ ᠤᠨ | ᠳᠤᠮᠳᠠ ᠰᠢᠨ᠎ᠡ ᠠᠵᠠ ᠲᠣᠬᠢᠶᠠᠯ ᠡᠷᠢᠬᠦ ᠬᠡᠷᠡᠭᠲᠡᠶ᠃ ᠠᠵᠢᠯ ᠪᠣᠯᠭᠠᠨ ᠢ ᠬᠢᠬᠦ ᠳᠤ ᠠᠵᠢᠯᠯᠠᠭ᠎ᠠ ᠳᠤ ᠢᠯᠡᠷᠡᠭᠦᠯᠬᠦ ᠪᠠᠷ | ᠪᠠᠷᠠᠬᠤ ᠦᠭᠡᠢ ᠦᠷ᠎ᠡ ᠳ᠋ᠦᠩ ᠢ ᠨᠡᠩ ᠦᠵᠡᠬᠦ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠠᠩᠰᠠ ᠮᠡᠳᠡᠭᠦᠯᠬᠦ ᠤᠬᠠᠮᠰᠠᠷ᠂ ᠰᠡᠳᠦᠪ ᠲᠤᠰᠢᠶᠠᠬᠤ | ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠬᠢᠬᠦ ᠶᠢ ᠡᠷᠬᠢᠮᠯᠡᠵᠦ᠂ ᠪᠣᠳᠠᠲᠠᠢ ᠶᠢ | ᠡᠷᠬᠢᠮᠯᠡᠵᠦ᠂ ᠤᠷᠢᠳᠴᠢᠯᠠᠬᠤ ᠶᠢ ᠡᠷᠬᠢᠮᠯᠡᠵᠦ᠂ ᠵᠥᠪᠯᠡᠬᠦ ᠳᠤ ᠴᠢᠳᠠᠮᠠᠭᠠᠢ᠂ ᠬᠢᠬᠦ ᠳᠤ ᠴᠢᠳᠠᠮᠠᠭᠠᠢ᠂ ᠪᠦᠲᠦᠭᠡᠬᠦ ᠳᠤ | ᠴᠢᠳᠠᠮᠠᠭᠠᠢ᠂ ᠨᠢᠭᠡ ᠶᠢ ᠬᠢᠪᠡᠯ ᠨᠢᠭᠡ ᠶᠢ ᠪᠦᠲᠦᠭᠡᠬᠦ ᠶᠢ ᠦᠨᠡᠨ ᠬᠦ ᠪᠠᠲᠤᠯᠠᠵᠤ᠂ ᠰᠠᠷ᠎ᠠ ᠪᠦᠷᠢ ᠴᠥᠮ ᠰᠢᠨ᠎ᠡ | ᠠᠬᠢᠴᠠ ᠲᠠᠢ᠂ ᠵᠢᠯ ᠪᠦᠷᠢ ᠴᠥᠮ ᠰᠢᠨ᠎ᠡ ᠬᠤᠪᠢᠷᠠᠯᠲᠠ ᠲᠠᠢ ᠪᠠᠶᠢᠬᠤ ᠬᠡᠷᠡᠭᠲᠡᠢ᠃ | ︽ᠪᠢ ᠪᠣᠯ ᠮᠣᠩᠭᠤᠯ ᠮᠣᠷᠢ ᠶᠤᠮ᠂ ᠠᠯᠬᠤᠭ᠎ᠠ ᠴᠢᠬᠢᠷᠠᠭ᠂ ᠬᠦᠰᠡᠯ ᠵᠡᠭᠦᠳᠦ ᠪᠠᠨ ᠠᠴᠢᠵᠤ ᠥᠩᠭᠡᠲᠦ | ᠲᠤᠶᠠᠭ᠎ᠠ ᠶᠢ ᠬᠥᠭᠡᠭᠡᠴᠡᠯᠳᠦᠨ᠎ᠡ ᠁︾ ᠬᠥᠮᠦᠨ ᠪᠦᠬᠦᠨ ᠮᠣᠩᠭᠤᠯ ᠮᠣᠷᠢᠨ ᠤ ᠵᠣᠷᠢᠭ ᠰᠠᠨᠠᠭ᠎ᠠ ᠶᠢᠨ | ᠪᠠᠳᠠᠷᠠᠭᠤᠯᠤᠭᠴᠢ᠂ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠬᠠᠯᠠᠭᠤᠨ ᠦᠢᠯᠡᠳᠦᠯᠭᠡ ᠳᠤᠮᠳᠠ᠂ | ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠨᠳᠦ ᠡᠭᠦᠷᠭᠡ ᠶᠢ ᠡᠭᠦᠷᠭᠡᠯᠡᠵᠦ᠂ ᠰᠢᠨᠲᠠᠷᠠᠰᠢ | ᠦᠭᠡᠢ ᠲᠡᠮᠡᠴᠡᠵᠦ᠂ ᠵᠣᠷᠢᠭᠲᠠᠢ ᠪᠠᠷ ᠤᠷᠤᠭᠰᠢᠯᠠᠵᠤ᠂ ᠵᠣᠷᠢᠭᠰᠠᠨ ᠳᠤ ᠪᠠᠨ ᠬᠦᠷᠬᠦ ᠦᠭᠡᠢ ᠪᠣᠯ ᠵᠣᠷᠢᠭ ᠮᠣᠬᠤᠬᠤ | ᠦᠭᠡᠢ ᠪᠠᠶᠢᠪᠠᠯ᠂ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠠᠶᠠᠨ ᠲᠠᠶᠢᠨ ᠤ ᠳᠤᠮᠳᠠ ᠰᠢᠨ᠎ᠡ ᠭᠡᠷᠡᠯ | ᠰᠠᠴᠤᠷᠠᠩᠭᠤᠢ ᠦᠢᠯᠡᠰ ᠢ ᠦᠷᠭᠦᠯᠵᠢᠯᠡᠨ ᠪᠢᠴᠢᠭᠯᠡᠵᠦ ᠴᠢᠳᠠᠨ᠎ᠠ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | |