ᠲᠣᠭᠲᠠᠬᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ᠄ | ︽ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ ᠴᠠᠭᠠᠨ | ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ︾ ᠤᠨ ᠵᠣᠷᠢᠭ ᠰᠠᠨᠠᠭ᠎ᠠ ᠪᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 9 | ᠶᠠᠮᠤᠨ ᠬᠤᠷᠢᠶ᠎ᠠ ᠶᠢᠨ ︽ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠤᠯᠠᠮ ᠨᠢᠭᠡ ᠠᠯᠬᠤᠮ | ᠠᠬᠢᠭᠤᠯᠬᠤ ᠲᠤᠬᠠᠢ ᠰᠠᠨᠠᠯ ᠤᠳ︾ ᠵᠢᠴᠢ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ | ᠵᠢᠯ ᠤᠨ ᠠᠵᠢᠯᠯᠠᠭ᠎ᠠ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠲᠥᠰᠥᠯ ᠤᠨ ᠱᠠᠭᠠᠷᠳᠠᠯᠭ᠎ᠠ ᠶᠢ ᠭᠦᠨᠵᠡᠭᠡᠢ | ᠲᠤᠤᠱᠯᠠᠭᠤᠯᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠵᠣᠷᠢᠭ ᠰᠠᠨᠠᠭ᠎ᠠ ᠶᠣᠰᠣᠭᠠᠷ᠂ ᠲᠠᠪᠢᠨ ᠭᠡᠷ ᠪᠠᠯᠭᠠᠰᠤ ᠨᠢᠭᠡᠨᠲᠡ ᠢᠯᠢ ᠣᠲᠣ ᠦᠶ᠎ᠡ ᠶᠢᠨ ᠣᠶᠤᠨᠲᠤ ᠡᠷᠡᠭᠦᠯ | ᠮᠡᠨᠳᠦ ᠶᠢᠨ ᠬᠥᠨᠳᠡᠢ ᠶᠢᠨ ᠲᠣᠭᠲᠠᠬᠤ ᠰᠢᠶᠠᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠤᠨ ᠴᠠᠬᠢᠯᠭᠠᠨ ᠬᠠᠩᠭᠠᠬᠤ ᠢᠨᠵᠧᠨᠧᠷᠢᠩ ᠤᠨ ᠪᠣᠯᠣᠮᠵᠢ ᠶᠢᠨ ᠲᠤᠬᠠᠢ ᠰᠤᠳᠤᠯᠭᠠᠨ ᠤ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠵᠤ ᠳᠠᠭᠤᠰᠬᠠᠵᠠᠢ᠂ ᠬᠢᠨᠠᠨ ᠵᠥᠪᠰᠢᠶᠡᠷᠡᠬᠦ ᠪᠣᠯᠪᠠᠤ᠃ | ᠨᠢᠭᠡ᠂ ᠲᠥᠷᠥᠯ ᠵᠦᠢᠯ ᠤᠨ ᠨᠡᠷᠡᠶᠢᠳᠦᠯ | ᠢᠯᠢ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠣᠭᠲᠠᠬᠤ ᠰᠢᠶᠠᠨ ᠤ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠴᠠᠬᠢᠯᠭᠠᠨ ᠬᠠᠩᠭᠠᠬᠤ ᠢᠨᠵᠧᠨᠧᠷᠢᠩ | ᠬᠤᠶᠠᠷ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠠ ᠠᠭᠤᠯᠭ᠎ᠠ | ᠲᠣᠰ ᠪᠠᠷᠢᠯᠭ᠎ᠠ ᠳᠤ 10 ᠺᠢᠯᠤᠸᠤᠯᠲ ᠤᠨ ᠬᠤᠣᠰ ᠪᠤᠴᠠᠯᠲᠠ ᠶᠢᠨ ᠠᠭᠠᠷ ᠱᠤᠭᠤᠮ ᠢ 16.35 ᠺᠢᠯᠣᠮᠧᠲᠷ | ᠂ 10 ᠺᠢᠯᠤᠸᠤᠯᠲ ᠤᠨ ᠬᠤᠣᠰ ᠪᠤᠴᠠᠯᠲᠠ ᠶᠢᠨ ᠴᠠᠬᠢᠯᠭᠠᠨ ᠳᠡᠭᠡᠰᠦᠨ ᠤ ᠱᠤᠭᠤᠮ ᠢ 0.45 ᠺᠢᠯᠣᠮᠧᠲᠷ᠂ 10 | ᠺᠢᠯᠤᠸᠤᠯᠲ ᠤᠨ ᠪᠠᠭᠠᠨ᠎ᠠ ᠳᠡᠭᠡᠷᠡᠬᠢ ᠬᠡᠯᠬᠢᠶ᠎ᠡ ᠲᠠᠰᠤᠯᠤᠭᠤᠷ 2᠂ ᠲᠤᠰᠠᠭᠠᠷᠯᠠᠬᠤ ᠨᠡᠭᠡᠭᠡᠯᠭᠡ ᠶᠢ 8 ᠪᠦᠯᠦᠭ | ᠰᠢᠨ᠎ᠡ ᠪᠠᠷ ᠪᠠᠶᠢᠭᠤᠯᠤᠨ᠎ᠠ᠃ | ᠪᠣᠳᠠᠲᠠᠢ ᠪᠠᠷᠢᠯᠭ᠎ᠠ ᠶᠢᠨ ᠬᠡᠮᠵᠢᠶ᠎ᠡ᠄ ᠰᠢᠨ᠎ᠡ ᠪᠠᠷ ᠪᠠᠶᠢᠭᠤᠯᠤᠭᠰᠠᠨ ᠬᠤᠣᠰ ᠪᠤᠴᠠᠯᠲᠠ ᠶᠢᠨ 10kV | ᠱᠤᠭᠤᠮ ᠤᠨ ᠣᠷᠳᠣ ᠨᠢ 16.8km ᠪᠣᠯᠣᠨ᠎ᠠ᠂ ᠡᠭᠦᠨ ᠳᠤ᠂ ᠰᠢᠨ᠎ᠡ ᠪᠠᠷ ᠪᠠᠶᠢᠭᠤᠯᠤᠭᠰᠠᠨ ᠬᠤᠣᠰ | ᠪᠤᠴᠠᠯᠲᠠ ᠶᠢᠨ ᠠᠭᠠᠷ ᠱᠤᠭᠤᠮ ᠤᠨ ᠣᠷᠳᠣ ᠨᠢ 16.35km ᠪᠠᠶᠢᠵᠤ᠂ JKLYJ-10/240 ᠬᠡᠯᠪᠡᠷᠢ ᠶᠢᠨ | ᠬᠥᠨᠳᠡᠶᠢᠷᠡᠭᠦᠯᠦᠭᠴᠢ ᠳᠠᠮᠵᠢᠭᠤᠯᠤᠭᠴᠢ ᠶᠢ ᠬᠡᠷᠡᠭᠯᠡᠨ᠎ᠡ︔ ᠰᠢᠨ᠎ᠡ ᠪᠠᠷ ᠪᠠᠶᠢᠭᠤᠯᠤᠭᠰᠠᠨ ᠬᠤᠣᠰ ᠪᠤᠴᠠᠯᠲᠠ ᠶᠢᠨ | ᠴᠠᠬᠢᠯᠭᠠᠨ ᠤᠳᠠᠰᠦ ᠶᠢᠨ ᠣᠷᠳᠣ ᠨᠢ 0.45 km ᠪᠠᠶᠢᠵᠤ᠂ ZC-YJV22-8.7/15kV-3×400 | ᠬᠡᠯᠪᠡᠷᠢ ᠶᠢᠨ ᠴᠠᠬᠢᠯᠭᠠᠨ ᠤᠳᠠᠰᠦ ᠬᠡᠷᠡᠭᠯᠡᠵᠦ᠂ ᠴᠠᠬᠢᠯᠭᠠᠨ ᠤᠳᠠᠰᠦ ᠰᠢᠭᠤᠳ ᠪᠤᠯᠠᠵᠤ ᠲᠠᠯᠪᠢᠬᠤ ᠠᠷᠭ᠎ᠠ ᠮᠠᠶ᠋ᠢᠭ ᠢ | ᠬᠡᠷᠡᠭᠯᠡᠨ᠎ᠡ︔ ᠰᠢᠨ᠎ᠡ ᠪᠠᠷ ᠪᠠᠭᠠᠨ᠎ᠠ ᠳᠡᠭᠡᠷᠡᠬᠢ ᠬᠡᠯᠬᠢᠶ᠎ᠡ ᠲᠠᠰᠤᠯᠤᠭᠤᠷ 2 ᠰᠠᠤᠷᠢ᠂ ᠲᠤᠰᠠᠭᠠᠷᠯᠠᠬᠤ ᠨᠡᠭᠡᠭᠡᠯᠭᠡ 8 | ᠪᠦᠯᠦᠭ ᠢ ᠪᠠᠶᠢᠭᠤᠯᠤᠨ᠎ᠠ︔15m ᠱᠦᠢᠨᠢ ᠪᠠᠭᠠᠨ᠎ᠠ 332 ᠰᠠᠭᠤᠷᠢ ᠰᠢᠨ᠎ᠡ ᠪᠠᠷ ᠪᠠᠶᠢᠭᠤᠯᠤᠨ᠎ᠠ᠃ | ᠭᠤᠷᠪᠠ᠂ ᠲᠥᠷᠥᠯ ᠵᠦᠢᠯ ᠤᠨ ᠪᠡᠯᠡ ᠣᠷᠣᠭᠤᠯᠤᠯᠲᠠ ᠵᠢᠴᠢ ᠪᠡᠯᠡ ᠮᠥᠩᠭᠦ ᠶᠢᠨ ᠢᠷᠡᠯᠲᠡ | ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 951.7198 ᠲᠦᠮᠡᠨ ᠲᠥᠭᠦᠷᠢᠭ ᠪᠠᠶᠢᠵᠤ᠂ | ᠲᠥᠷᠥᠯ ᠵᠦᠢᠯ ᠳᠤ ᠬᠡᠷᠡᠭᠰᠡᠬᠦ ᠪᠡᠯᠡ ᠮᠥᠩᠭᠦ ᠶᠢ ᠪᠦᠬᠦᠨ ᠢ ᠵᠠᠰᠠᠭ ᠤᠨ ᠣᠷᠳᠣᠨ ᠠᠴᠠ ᠪᠡᠯᠡ ᠣᠷᠣᠭᠤᠯᠤᠨ᠎ᠠ᠃ | ᠳᠥᠷᠪᠡ᠂ ᠪᠦᠲᠦᠭᠡᠨ ᠪᠠᠶᠢᠭᠤᠯᠬᠤ ᠭᠠᠵᠠᠷ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠨᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠬᠡᠬᠤᠲᠠ ᠶᠢᠨ ᠲᠣᠭᠲᠠᠬᠤ ᠰᠢᠶᠠᠨ ᠤ ᠬᠢᠵᠠᠭᠠᠷ ᠲᠤ ᠪᠣᠶ ︵ᠲᠠᠪᠢᠨ ᠭᠡᠷ ᠪᠠᠯᠭᠠᠰᠤ ᠠᠴᠠ ᠭᠦ᠋ | ᠴᠧᠩ ᠪᠠᠯᠭᠠᠰᠤᠨ ᠳᠤ ᠬᠦᠷᠲᠡᠯ᠎ᠡ︶᠃ ᠰᠢᠨ᠎ᠡ ᠪᠠᠷ ᠪᠠᠶᠢᠭᠤᠯᠤᠭᠰᠠᠨ 10 ᠺᠢᠯᠤᠸᠤᠯᠲ ᠤᠨ ᠱᠤᠭᠤᠮ ᠢ ᠲᠠᠪᠢᠨ ᠭᠡᠷ | ᠪᠠᠯᠭᠠᠰᠦ ᠶᠢᠨ 110 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠥᠷᠲᠡᠭᠡᠨ ᠤ 10 ᠺᠢᠯᠤᠸᠤᠯᠲ ᠤᠨ ᠴᠠᠬᠢᠯᠭᠠᠨ | ᠲᠦᠭᠡᠭᠡᠬᠦ ᠲᠠᠰᠤᠭ ᠠᠴᠠ ᠥᠷᠲᠡᠭᠡᠨ ᠤ ᠳᠣᠲᠣᠷᠠᠬᠢ ᠴᠠᠬᠢᠯᠭᠠᠨ ᠤᠳᠠᠰᠤᠨ ᠤ ᠭᠤᠤ ᠶᠢ ᠳᠠᠭᠠᠵᠤ ᠪᠠᠷᠠᠭᠤᠨ ᠬᠦᠷᠢᠶ᠎ᠡ | ᠬᠡᠷᠡᠮ ᠤᠨ ᠭᠠᠳᠠᠨ᠎ᠠ ᠭᠠᠷᠭᠠᠨ᠎ᠠ᠃ ᠳᠠᠷᠠᠭ᠎ᠠ ᠨᠢ ᠴᠠᠬᠢᠯᠭᠠᠨ ᠤᠳᠠᠰᠦ ᠪᠠᠷ ᠰᠢᠭᠤᠳ ᠪᠤᠯᠠᠵᠤ ᠡᠮᠦᠨᠡᠰᠢ 019 | ᠰᠢᠶᠠᠨ ᠤ ᠵᠠᠮ ᠢ ᠥᠩᠭᠡᠷᠡᠨ ᠭᠠᠷᠤᠭᠰᠠᠨ ᠤ ᠳᠠᠷᠠᠭ᠎ᠠ᠂ ᠠᠳᠠᠯᠢ ᠡᠰᠢ ᠪᠠᠷ ᠬᠤᠣᠰ ᠪᠤᠴᠠᠬᠤ ᠠᠭᠠᠷ ᠴᠠᠬᠢᠯᠭᠠᠨ | ᠤᠲᠠᠰᠤ ᠪᠣᠯᠭᠠᠨ ᠥᠭᠡᠷᠡᠴᠢᠯᠡᠵᠦ᠂ ᠠᠭᠠᠷ ᠲᠠᠬᠢ ᠴᠠᠬᠢᠯᠭᠠᠨ ᠤᠲᠠᠰᠤ 019 ᠰᠢᠶᠠᠨ ᠤ ᠵᠠᠮ ᠢ ᠳᠠᠭᠠᠵᠤ ᠵᠡᠭᠦᠨᠰᠢ | ᠶᠠᠪᠤᠭᠠᠳ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠶᠢᠨ ᠵᠠᠮ ᠳᠤ ᠬᠦᠷᠦᠭᠰᠡᠨ ᠤ ᠳᠠᠷᠠᠭ᠎ᠠ᠂ ᠴᠠᠬᠢᠯᠭᠠᠨ | ᠤᠲᠠᠰᠤ 019 ᠰᠢᠶᠠᠨ ᠤ ᠵᠠᠮ ᠢ ᠳᠠᠪᠠᠵᠤ ᠤᠮᠠᠷᠠᠰᠢ ᠲᠥᠯᠦᠪᠵᠢᠭᠦᠯᠭᠡ ᠶᠢᠨ ᠵᠠᠮ ᠤᠷᠤᠭᠤ ᠲᠠᠲᠠᠵᠤ᠂ ᠳᠠᠷᠠᠭ᠎ᠠ ᠨᠢ | ᠬᠦᠷᠢᠶᠡᠯᠡᠩ ᠲᠣᠭᠤᠷᠢᠭ ᠤᠨ ᠳᠣᠲᠣᠷ᠎ᠠ ᠬᠥᠬᠡᠬᠤᠲᠠ ᠵᠡᠭᠦᠨᠭᠠᠷ ᠣᠷᠳᠣᠰ ᠲᠡᠮᠦᠷ ᠵᠠᠮ ᠢ ᠥᠷᠥᠮᠳᠡᠨ ᠥᠩᠭᠡᠷᠡᠬᠦ | ᠦᠶ᠎ᠡ ᠳᠤ᠂ ᠴᠠᠬᠢᠯᠭᠠᠨ ᠤᠳᠠᠰᠦ ᠶᠢ ᠰᠢᠭᠤᠳ ᠪᠤᠯᠠᠬᠤ ᠪᠣᠯᠭᠠᠨ ᠥᠭᠡᠷᠡᠴᠢᠯᠡᠵᠦ᠂ ᠲᠡᠮᠦᠷ ᠵᠠᠮ ᠢ ᠥᠩᠭᠡᠷᠡᠨ | ᠭᠠᠷᠤᠭᠰᠠᠨ ᠤ ᠳᠠᠷᠠᠭ᠎ᠠ ᠦᠷᠭᠦᠯᠵᠢᠯᠡᠨ ᠠᠭᠠᠷ ᠴᠠᠬᠢᠯᠭᠠᠨ ᠤᠲᠠᠰᠤ ᠪᠣᠯᠭᠠᠨ ᠥᠭᠡᠷᠡᠴᠢᠯᠡᠵᠦ ᠲᠥᠯᠦᠪᠵᠢᠭᠦᠯᠭᠡ ᠶᠢᠨ | ᠵᠠᠮ ᠢ ᠳᠠᠭᠠᠵᠤ ᠤᠷᠤᠭᠰᠢᠯᠠᠭᠠᠳ᠂ ᠮᠠᠯᠵᠢᠯ ᠤᠨ ᠲᠠᠯᠠᠪᠠᠶ ᠶᠢᠨ ᠵᠡᠭᠦᠨ ᠲᠠᠯ᠎ᠠ ᠳᠤ ᠳᠠᠭᠤᠰᠤᠨ᠎ᠠ᠃ | ᠲᠠᠪᠤ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠬᠤᠭᠤᠴᠠᠭ᠎ᠠ | ᠲᠣᠰ ᠲᠥᠷᠥᠯ ᠵᠦᠢᠯ ᠢ 2023 ᠣᠨ ᠤ 4 ᠳ᠋ᠤᠭᠡᠷ ᠰᠠᠷ᠎ᠠ ᠠᠴᠠ 2023 ᠣᠨ ᠤ 12 ᠳ᠋ᠤᠭᠠᠷ ᠰᠠᠷ᠎ᠠ | ᠪᠣᠯᠲᠠᠯ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ᠎ᠠ᠃ | ᠵᠢᠷᠭᠤᠭ᠎ᠠ᠂ ᠪᠦᠲᠦᠭᠡᠨ ᠪᠠᠶᠢᠭᠤᠯᠬᠤ ᠨᠢᠭᠡᠴᠡ | ᠲᠣᠭᠲᠠᠬᠤ ᠰᠢᠶᠠᠨ ᠤ ᠲᠠᠪᠢᠨ ᠭᠡᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠢᠷᠡᠯᠳᠡ᠄ ᠲᠤᠭᠳᠠᠬᠤ ᠰᠢᠶᠠᠨ ᠤ ᠵᠠᠰᠠᠭ ᠤᠨ ᠤᠷᠳᠤᠨ ᠤ ᠰᠦᠯᠵᠢᠶ᠎ᠡ |