ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 6 ᠰᠠᠷ᠎ᠠ ᠶᠢᠨ 11 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠵᠣᠤ ᠡᠧ ᠨᠦᠸᠧ᠂ ᠬᠤᠸᠠᠩ ᠴᠤᠤ︶ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ | ᠪᠣᠯ ᠮᠠᠨ ᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ | ᠰᠢᠰᠲ᠋ᠧᠮ ᠤᠨ ᠴᠢᠬᠤᠯᠠ ᠠᠭᠤᠯᠭ᠎ᠠ ᠮᠥᠨ᠂ ᠰᠤᠷᠭᠠᠨ ᠬᠥᠮᠦᠵᠢᠯ ᠤᠨ ᠭᠤᠤᠯᠴᠢ ᠪᠠᠶᠢᠬᠤ ᠶᠢ ᠠᠬᠢᠭᠤᠯᠬᠤ ᠨᠢᠭᠡᠨ | ᠴᠢᠬᠤᠯᠠ ᠠᠷᠭ᠎ᠠ ᠬᠡᠮᠵᠢᠶ᠎ᠡ ᠮᠥᠨ᠃ | ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠄ 1999 ᠣᠨ ᠠᠴᠠ ᠣᠲᠣ | ᠪᠣᠯᠲᠠᠯ᠎ᠠ ᠨᠢᠭᠡᠨᠲᠡ 4000 ᠭᠠᠷᠤᠶ ᠳ᠋ᠦᠩᠰᠢᠭᠤᠷ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ | ᠲᠠᠯᠪᠢᠵᠤ᠂ ᠬᠡᠷ ᠪᠦᠯᠢ ᠶᠢᠨ ᠠᠮᠢᠳᠤᠷᠠᠯ ᠨᠢ ᠬᠦᠴᠢᠷᠲᠡᠯᠲᠡᠢ ᠤᠶᠤᠳᠠᠨ ᠢ ᠨᠡᠶᠢᠲᠡ 2000 ᠭᠠᠷᠤᠶ ᠲᠦᠮᠡ | ᠲᠤᠰᠠᠯᠠᠭᠰᠠᠨ ᠪᠠᠶᠢᠨ᠎ᠠ᠃ | ᠵᠢᠭᠡᠯᠡᠯᠭᠡ ᠦᠭᠭᠦ ᠲᠤᠭ᠎ᠠ ᠲᠠᠰᠤᠷᠠᠯᠲᠠ ᠦᠭᠡᠢ ᠳᠡᠭᠡᠭᠰᠢᠯᠡᠪᠡ᠃ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠡᠬᠢᠨ ᠤ ᠬᠤᠭᠤᠴᠠᠭᠠᠨ ᠳᠤ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ | ᠲᠤᠰᠬᠠᠶ ᠮᠡᠷᠭᠡᠵᠢᠯ ᠤᠨ ᠠᠩᠭᠢ ᠶᠢᠨ ᠤᠶᠤᠳᠠᠨ᠂ ᠠᠰᠫᠢᠷᠠᠨᠲ ᠤᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ | ᠨᠢ ᠬᠥᠮᠦᠨ ᠪᠦᠷᠢ ᠵᠢᠯ ᠳᠤ 6000 ᠲᠥᠭᠦᠷᠢᠭ ᠪᠠᠶᠢᠪᠠ︔ 2014 ᠣᠨ ᠳᠤ ᠵᠢᠭᠡᠯᠡᠯᠭᠡ ᠦᠭᠭᠦ ᠬᠠᠮᠤᠭ ᠤᠨ | ᠦᠨᠳᠦᠷ ᠲᠤᠭ᠎ᠠ ᠶᠢ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠨᠢᠭᠡ ᠪᠦᠷᠢ ᠳᠤ ᠵᠢᠯ | ᠪᠦᠷᠢ 8000 ᠲᠥᠭᠦᠷᠢᠭ᠂ ᠠᠰᠫᠢᠷᠠᠨᠲ ᠨᠢᠭᠡ ᠪᠦᠷᠢ ᠳᠤ ᠵᠢᠯ ᠪᠦᠷᠢ 1.2 ᠲᠦᠮᠡᠨ ᠲᠥᠭᠦᠷᠢᠭ ᠪᠤᠯᠭᠠᠨ | ᠲᠡᠭᠡᠭᠰᠢᠯᠡᠭᠦᠯᠪᠡ︔ 2021 ᠣᠨ ᠳᠤ ᠵᠢᠭᠡᠯᠡᠯᠭᠡ ᠦᠭᠭᠦ ᠬᠠᠮᠤᠭ ᠤᠨ ᠦᠨᠳᠦᠷ ᠲᠤᠭ᠎ᠠ ᠶᠢ ᠵᠢᠩᠬᠢᠨᠢ ᠠᠩᠭᠢ ᠪᠠ | ᠲᠤᠰᠬᠠᠶ ᠮᠡᠷᠭᠡᠵᠢᠯ ᠤᠨ ᠠᠩᠭᠢ ᠶᠢᠨ ᠤᠶᠤᠳᠠᠨ ᠨᠢᠭᠡ ᠪᠦᠷᠢ ᠳᠤ ᠵᠢᠯ ᠪᠦᠷᠢ 1.2 ᠲᠦᠮᠡᠨ ᠲᠥᠭᠦᠷᠢᠭ᠂ | ᠠᠰᠫᠢᠷᠠᠨᠲ ᠨᠢᠭᠡ ᠪᠦᠷᠢ ᠳᠤ ᠵᠢᠯ ᠪᠦᠷᠢ 1.6 ᠲᠦᠮᠡᠨ ᠲᠥᠭᠦᠷᠢᠭ ᠪᠤᠯᠭᠠᠨ ᠲᠡᠭᠡᠭᠰᠢᠯᠡᠭᠦᠯᠪᠡ᠃ | ᠵᠢᠭᠡᠯᠡᠯᠭᠡ ᠶᠢᠨ ᠬᠤᠭᠤᠴᠠᠭ᠎ᠠ ᠶᠢ ᠲᠠᠰᠤᠷᠠᠯᠲᠠ ᠦᠭᠡᠢ ᠤᠷᠲᠤᠳᠬᠠᠪᠠ᠃ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠡᠬᠢᠨ ᠤ ᠬᠤᠭᠤᠴᠠᠭᠠᠨ ᠳᠤ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠬᠤᠭᠤᠴᠠᠭ᠎ᠠ ᠨᠢ ᠲᠡᠭᠦᠰᠦᠭᠰᠡᠨ ᠤ ᠳᠠᠷᠠᠭᠠᠬᠢ 6 ᠵᠢᠯ ᠳᠤ ᠵᠢᠭᠡᠯᠡᠯᠭᠡ ᠶᠢᠨ ᠡᠬᠡ ᠬᠦᠦ ᠶᠢ ᠪᠤᠴᠠᠭᠠᠵᠤ ᠳᠠᠭᠤᠰᠬᠠᠬᠤ | ᠬᠡᠷᠡᠭᠲᠡᠶ ᠪᠠᠶᠢᠪᠠ᠂ ᠲᠤᠬᠠᠶᠢᠯᠠᠪᠠᠯ ᠰᠤᠷᠤᠯᠭ᠎ᠠ ᠶᠢᠨ ᠳᠦᠷᠢᠮ ᠤᠨ ᠲᠡᠭᠡᠷ᠎ᠡ 6 ᠵᠢᠯ ᠨᠡᠮᠡᠵᠦ᠂ ᠬᠠᠮᠤᠭ ᠤᠨ | ᠤᠷᠲᠤ ᠳᠠᠭᠠᠨ 10 ᠵᠢᠯ ᠠᠴᠠ ᠬᠡᠲᠦᠷᠡᠭᠦᠯᠵᠦ ᠪᠣᠯᠬᠤ ᠦᠭᠡᠶ ᠪᠠᠶᠢᠪᠠ᠃ 2020 ᠣᠨ ᠳᠤ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠭᠠᠳ ᠰᠤᠷᠤᠯᠭ᠎ᠠ ᠶᠢᠨ ᠲᠦᠷᠢᠮ ᠤᠨ ᠲᠡᠭᠡᠷ᠎ᠡ 15 | ᠵᠢᠯ ᠨᠡᠮᠡᠭᠦ ᠪᠣᠯᠭᠠᠵᠤ᠂ ᠬᠠᠮᠤᠭ ᠤᠨ ᠣᠷᠳᠣ ᠳᠠᠭᠠᠨ 22 ᠵᠢᠯ ᠠᠴᠠ ᠬᠡᠳᠦᠷᠡᠭᠦᠯᠵᠦ ᠪᠤᠯᠬᠤ ᠦᠭᠡᠢ ᠪᠤᠯᠭᠠᠪᠠ᠃ | ᠵᠢᠭᠡᠯᠡᠯᠭᠡ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ | 2017 ᠣᠨ ᠳᠤ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠳᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ᠂ ᠨᠢᠭᠲᠠᠯᠠᠨ ᠪᠤᠳᠤᠬᠤ ᠳᠡᠭᠡᠳᠦ ᠰᠤᠷᠭᠠᠭᠤᠯᠢ ᠵᠡᠷᠭᠡ ᠬᠥᠮᠦᠵᠢᠭᠦᠯᠬᠦ ᠨᠢᠭᠡᠴᠡ ᠶᠢ ᠪᠦᠬᠦᠨ ᠢ | ᠬᠠᠮᠤᠷᠬᠤ ᠶᠢ ᠪᠡᠶᠡᠯᠡᠭᠦᠯᠵᠦ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ ᠲᠤᠰᠬᠠᠶ | ᠮᠡᠷᠭᠡᠵᠢᠯ ᠤᠨ ᠠᠩᠭᠢ ᠶᠢᠨ ᠤᠶᠤᠳᠠᠨ᠂ ᠠᠰᠫᠢᠷᠠᠨᠲ᠂ ᠪᠡᠯᠡᠳᠬᠡᠯ ᠠᠩᠭᠢ ᠶᠢᠨ ᠤᠶᠤᠳᠠᠨ ᠢ ᠪᠦᠬᠦᠨ ᠢ | ᠬᠠᠮᠤᠷᠬᠤ ᠶᠢ ᠪᠡᠶᠡᠯᠡᠭᠦᠯᠪᠡ᠃ | ᠵᠢᠭᠡᠯᠡᠯᠭᠡ ᠶᠢᠨ ᠭᠠᠷᠳᠠᠮ ᠬᠦᠢᠴᠡᠳᠭᠡᠭᠦ ᠳᠤ ᠨᠠᠩ ᠳᠥᠭᠦᠮ ᠪᠣᠯᠪᠠ᠃ | ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠤᠷᠢᠳᠴᠢᠯᠠᠨ ᠭᠤᠶᠤᠴᠢᠯᠠᠬᠤ᠂ ︽ᠨᠢᠭᠡ ᠥᠷᠲᠡᠭᠡ ᠮᠠᠶ᠋ᠢᠭ︾ ᠢᠶᠠᠷ ᠭᠦᠢᠴᠡᠳᠭᠡᠭᠦ᠂ ᠰᠦᠯᠵᠢᠶᠡᠨ | ᠳᠡᠭᠡᠷ᠎ᠡ ᠭᠦᠢᠴᠡᠳᠭᠡᠭᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠤᠶᠤᠳᠠᠳ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠭᠠᠷᠳᠠᠮ ᠬᠦᠢᠴᠡᠳᠭᠡᠭᠦ ᠳᠤ | ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠪᠡ᠃ | ︽ᠪᠢᠳᠡ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠤᠶᠤᠳᠠᠳ ᠤᠨ ᠰᠠᠨᠠᠭ᠎ᠠ | ᠠᠮᠤᠷ ᠰᠤᠷᠤᠯᠴᠠᠵᠤ ᠦᠰᠦᠨ ᠪᠤᠶᠢᠵᠢᠵᠤ ᠴᠢᠳᠠᠪᠤᠷᠢᠲᠠᠨ ᠪᠤᠯᠬᠤ ᠳᠤ ᠬᠠᠪᠰᠤᠷᠤᠯᠭ᠎ᠠ ᠦᠵᠡᠭᠦᠯᠦᠨ᠎ᠡ︾ ᠭᠡᠵᠦ | ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠪᠡ᠃ | ᠢᠷᠡᠯᠳᠡ᠄ ᠠᠷᠠᠳ ᠤᠨ ᠰᠦᠯᠵᠢᠶ᠎ᠡ | |