︽ᠮᠠᠶᠢᠮᠠᠢ ᠶᠢᠨ ᠭᠡᠷ᠎ᠡ︾ ᠪᠣᠯ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠳᠤᠮᠳᠠ | ᠬᠠᠮᠤᠭ ᠤᠨ ᠦᠷᠭᠦᠯᠵᠢ ᠲᠣᠬᠢᠶᠠᠯᠳᠤᠳᠠᠭ ᠭᠡᠷ᠎ᠡ ᠶᠢᠨ ᠲᠦᠷᠦᠯ ᠵᠦᠢᠯ ᠤᠨ ᠨᠢᠭᠡ ᠮᠥᠨ᠂ ᠮᠥᠨ ᠴᠦ ᠬᠠᠤᠯᠢ | ᠴᠠᠭᠠᠵᠠ ᠶᠢᠨ ᠪᠠᠶᠢᠭᠤᠯᠭ᠎ᠠ ᠶᠢᠨ ᠭᠡᠷ᠎ᠡ ᠶᠢᠨ ᠵᠢᠭᠤᠷᠠᠯᠳᠤᠭᠠᠨ ᠤ ᠬᠡᠷᠡᠭ ᠢ ᠰᠢᠢᠳᠪᠦᠷᠢᠯᠡᠬᠦ ᠴᠢᠬᠤᠯᠠ ᠭᠡᠷᠡᠴᠢ ᠮᠥᠨ᠃ | ᠮᠠᠶᠢᠮᠠᠢ ᠶᠢᠨ ᠭᠡᠷ᠎ᠡ ᠶᠢ ᠲᠣᠭᠲᠠᠭᠠᠭᠰᠠᠨ ᠨᠢ ᠵᠢᠷᠤᠮᠵᠢᠯ ᠦᠭᠡᠢ ᠪᠠᠶᠢᠬᠤ ᠪᠣᠯ ᠵᠢᠭᠤᠷᠠᠯᠳᠤᠭᠠᠨ ᠡᠭᠦᠰᠬᠡᠬᠦ ᠶᠢᠨ ᠭᠤᠣᠯ | ᠰᠢᠯᠲᠠᠭᠠᠨ ᠪᠣᠯᠬᠤ ᠶᠢ ᠰᠢᠭᠦᠨ ᠲᠠᠰᠤᠯᠤᠯᠲᠠ ᠶᠢᠨ ᠦᠢᠯᠡᠳᠦᠯᠭᠡ ᠭᠡᠷᠡᠴᠢᠯᠡᠵᠡᠢ᠃ | ᠲᠡᠭᠡᠪᠡᠯ᠂ ︽ᠪᠦᠷᠢᠨ ᠲᠡᠭᠦᠯᠳᠡᠷ ᠮᠠᠶᠢᠮᠠᠢ ᠶᠢᠨ ᠭᠡᠷ᠎ᠡ︾ ᠨᠢ ᠶᠠᠮᠠᠷ ᠪᠠᠶᠢᠪᠠᠯ ᠵᠣᠬᠢᠬᠤ ᠪᠤᠢ︖ ᠬᠠᠮᠲᠤ ᠪᠠᠷ | ᠦᠵᠡᠶ᠎ᠡ︕ | ᠭᠡᠷ᠎ᠡ ᠶᠢᠨ ᠭᠠᠷᠴᠠᠭ ᠢ ᠣᠨᠣᠪᠴᠢᠲᠠᠢ ᠪᠢᠴᠢᠬᠦ ᠬᠡᠷᠡᠭᠲᠡᠢ | ᠬᠤᠶᠠᠷ ᠡᠲᠡᠭᠡᠳ ᠤᠨ ᠬᠤᠭᠤᠷᠣᠨᠳᠤ ᠮᠠᠶᠢᠮᠠᠢ ᠶᠢᠨ ᠭᠡᠷ᠎ᠡ ᠶᠢᠨ ᠬᠠᠷᠢᠴᠠᠭ᠎ᠠ ᠣᠷᠣᠰᠢᠵᠤ ᠪᠠᠶᠢᠬᠤ ᠶᠢ | ᠲᠣᠳᠣᠷᠬᠠᠶᠢᠯᠠᠬᠤ ᠪᠣᠯ ᠨᠢᠭᠡᠨ ᠮᠠᠰᠢ ᠴᠢᠬᠤᠯᠠ ᠶᠠᠪᠤᠳᠠᠯ ᠮᠥᠨ᠃ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ᠂ | ᠬᠤᠳᠠᠯᠳᠤᠨ ᠠᠪᠤᠭᠴᠢᠳ ᠦᠢᠯᠡᠳᠬᠦᠨ ᠳᠤ ᠨᠡᠩ ᠤᠯᠠᠨ ᠥᠪᠡᠷᠮᠢᠴᠡ ᠴᠢᠨᠠᠷ ᠤᠨ ᠵᠠᠬᠢᠶᠠᠯᠠᠭ᠎ᠠ ᠶᠢᠨ | ᠱᠠᠭᠠᠷᠳᠠᠯᠭ᠎ᠠ ᠲᠠᠢ ᠪᠣᠯᠵᠤ᠂ ᠣᠨᠴᠠᠭᠠᠶᠢᠯᠠᠨ ᠵᠠᠰᠠᠯ ᠴᠢᠮᠡᠭᠯᠡᠯ᠂ ᠭᠡᠷ ᠤᠨ ᠬᠡᠷᠡᠭᠰᠡᠯ ᠬᠤᠳᠠᠯᠳᠤᠨ ᠠᠪᠬᠤ ᠵᠡᠷᠭᠡ | ᠬᠦᠷᠢᠶᠡᠨ ᠳᠤ ︽ᠳᠠᠭᠠᠭᠠᠨ ᠠᠪᠬᠤ ᠭᠡᠷ᠎ᠡ︾ ᠶᠢᠨ ᠡᠯᠧᠮᠧᠨ᠋ᠲ ᠪᠠ ︽ᠬᠤᠳᠠᠯᠳᠤᠭᠠᠯᠠᠬᠤ ᠭᠡᠷ᠎ᠡ︾ ᠶᠢᠨ | ᠡᠯᠧᠮᠧᠨ᠋ᠲ ᠤᠨ ᠬᠠᠷᠭᠤᠯᠳᠤᠬᠤ ᠪᠠᠶᠢᠳᠠᠯ ᠦᠷᠭᠦᠯᠵᠢ ᠭᠠᠷᠳᠠᠭ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ | ᠲᠤᠯᠤᠭᠠᠨ ᠵᠠᠭᠤ ᠨᠠᠶᠠᠨ ᠳᠣᠯᠣᠳᠤᠭᠠᠷ ᠵᠦᠢᠯ ᠳᠤ᠄ ︽ᠳᠠᠭᠠᠭᠠᠨ ᠠᠪᠤᠭᠴᠢ ᠠᠵᠢᠯ ᠢᠶᠠᠨ ᠳᠠᠭᠤᠰᠬᠠᠬᠤ ᠠᠴᠠ | ᠡᠮᠦᠨ᠎ᠡ ᠵᠠᠬᠢᠶᠠᠯᠠᠨ ᠬᠢᠯᠭᠡᠭᠴᠢ ᠭᠡᠷ᠎ᠡ ᠶᠢ ᠬᠡᠵᠢᠶ᠎ᠡ ᠴᠦ ᠭᠡᠰᠡᠨ ᠴᠤᠴᠠᠯᠵᠤ ᠪᠣᠯᠣᠨ᠎ᠠ᠂ ᠳᠠᠭᠠᠭᠠᠨ ᠠᠪᠤᠭᠴᠢ ᠳᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠬᠢᠷᠠᠯ ᠢ ᠨᠢ ᠲᠥᠯᠥᠬᠦ ᠬᠡᠷᠡᠭᠲᠡᠢ︾ ᠭᠡᠵᠦ ᠲᠣᠭᠲᠠᠭᠠᠵᠠᠢ᠃ ᠲᠤᠰ | ᠲᠣᠭᠲᠠᠭᠠᠯ ᠨᠢ ᠵᠠᠬᠢᠶᠠᠯᠠᠨ ᠬᠢᠯᠭᠡᠭᠴᠢ ᠳᠤ ᠭᠠᠭᠴᠠ ᠲᠠᠯ᠎ᠠ ᠠᠴᠠ ᠳᠠᠭᠠᠭᠠᠨ ᠠᠪᠬᠤ ᠭᠡᠷ᠎ᠡ ᠶᠢ ᠴᠤᠴᠠᠯᠬᠤ ᠡᠷᠬᠡ ᠶᠢ | ᠣᠯᠭᠤᠭᠰᠠᠨ ᠪᠥᠭᠡᠳ ᠳᠠᠭᠠᠭᠠᠨ ᠠᠪᠤᠭᠴᠢ ᠶᠢᠨ ᠬᠤᠬᠢᠷᠠᠯ ᠢ ᠶᠡᠷᠦᠨᠢ ᠪᠦᠷᠢᠨ ᠭᠡᠷᠡᠴᠢ ᠳᠤᠷᠠᠳᠴᠤ ᠭᠡᠷᠡᠴᠢᠯᠡᠬᠦ ᠳᠤ | ᠪᠡᠷᠬᠡᠲᠡᠢ ᠪᠠᠶᠢᠳᠠᠭ᠂ ᠡᠨᠡ ᠨᠢ ︽ᠬᠤᠳᠠᠯᠳᠤᠭᠴᠢ︾ ᠨᠢ ︽ᠬᠤᠳᠠᠯᠳᠤᠨ ᠠᠪᠤᠭᠴᠢ︾ ᠳᠤ ᠲᠣᠬᠢᠶᠠᠯᠳᠤᠵᠤ | ᠭᠡᠷ᠎ᠡ ᠶᠢ ᠡᠪᠳᠡᠬᠦ ᠦᠶ᠎ᠡ ᠳᠤ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠳᠤ ᠪᠡᠷᠬᠡᠲᠡᠢ | ᠪᠠᠶᠢᠳᠠᠭ᠃ | ᠬᠡᠷᠪᠡ ᠬᠤᠶᠠᠷ ᠲᠠᠯ᠎ᠠ ᠶᠢᠨ ᠭᠡᠷ᠎ᠡ ᠶᠢᠨ ᠬᠠᠷᠢᠴᠠᠭ᠎ᠠ ᠨᠢ ᠲᠣᠳᠣᠷᠬᠠᠢ ᠦᠭᠡᠢ ᠪᠠᠶᠢᠪᠠᠯ᠂ ᠬᠠᠤᠯᠢ ᠴᠠᠭᠠᠵᠠ ᠶᠢᠨ | ᠪᠠᠶᠢᠭᠤᠯᠭ᠎ᠠ ᠠᠴᠠ ᠭᠡᠷ᠎ᠡ ᠶᠢᠨ ᠪᠣᠳᠠᠲᠠᠢ ᠪᠠᠶᠢᠳᠠᠯ ᠢᠶᠠᠷ ᠳᠠᠮᠵᠢᠭᠤᠯᠤᠨ ᠬᠤᠶᠠᠷ ᠲᠠᠯ᠎ᠠ ᠶᠢᠨ ᠭᠡᠷ᠎ᠡ ᠶᠢᠨ ᠰᠢᠨᠵᠢ | ᠴᠢᠨᠠᠷ ᠢ ᠲᠠᠰᠤᠯᠤᠨ ᠲᠣᠭᠲᠠᠭᠠᠬᠤ ᠬᠡᠷᠡᠭᠲᠡᠢ᠃ ᠬᠡᠷᠪᠡ ᠭᠡᠷ᠎ᠡ ᠶᠢᠨ ᠭᠠᠷᠴᠠᠭ ᠨᠢ ᠲᠣᠳᠣᠷᠬᠠᠢ ᠪᠠᠶᠢᠬᠤ ᠶᠢᠨ ᠳᠡᠭᠡᠷ᠎ᠡ | ᠭᠡᠷ᠎ᠡ ᠶᠢᠨ ᠵᠦᠢᠯ ᠵᠤᠷᠪᠤᠰ ᠢᠶᠠᠷ ᠳᠠᠮᠵᠢᠭᠤᠯᠤᠨ ᠭᠡᠷ᠎ᠡ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠭᠰᠠᠨ ᠪᠠᠶᠢᠪᠠᠯ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠡᠨᠡ ᠠᠰᠠᠭᠤᠳᠠᠯ ᠳᠡᠭᠡᠷ᠎ᠡ | ᠵᠥᠷᠢᠯᠳᠦᠭᠡᠨ ᠭᠠᠷᠬᠤ ᠠᠴᠠ ᠵᠣᠬᠢᠬᠤ ᠬᠡᠮᠵᠢᠶ᠎ᠡ ᠪᠠᠷ ᠵᠠᠶᠢᠯᠠᠰᠬᠢᠵᠦ ᠪᠣᠯᠣᠨ᠎ᠠ᠃ | ᠡᠶᠢᠮᠦ ᠠᠴᠠ ᠭᠠᠷᠴᠠᠭ ᠲᠤ ᠠᠯᠢ ᠴᠢᠳᠠᠬᠤ ᠪᠠᠷ ︽ᠬᠤᠳᠠᠯᠳᠤᠭᠠᠯᠠᠬᠤ︾᠂ ︽ᠬᠤᠳᠠᠯᠳᠤᠨ ᠠᠪᠬᠤ | ᠪᠣᠷᠣᠯᠠᠭᠤᠯᠬᠤ︾ ᠵᠡᠷᠭᠡ ᠦᠰᠦᠭ ᠢ ᠬᠡᠷᠡᠭᠯᠡᠵᠦ᠂ ︽ᠪᠣᠯᠪᠠᠰᠤᠷᠠᠭᠤᠯᠬᠤ︾᠂ ︽ᠵᠠᠬᠢᠶᠠᠯᠠᠨ ᠬᠢᠯᠭᠡᠬᠦ︾᠂ ︽ | ᠳᠠᠭᠠᠭᠠᠨ ᠠᠪᠬᠤ︾ ᠵᠡᠷᠭᠡ ᠡᠯᠧᠮᠧᠨ᠋ᠲ ᠭᠠᠷᠬᠤ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ᠃ | ᠭᠡᠷ᠎ᠡ ᠶᠢᠨ ᠵᠦᠢᠯ ᠵᠤᠷᠪᠤᠰ ᠪᠦᠷᠢᠨ ᠭᠦᠢᠴᠡᠳ ᠪᠠᠶᠢᠬᠤ ᠬᠡᠷᠡᠭᠲᠡᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠲᠠᠪᠤᠨ | ᠵᠠᠭᠤ ᠶᠡᠷᠡᠨ ᠵᠢᠷᠭᠤᠳᠤᠭᠠᠷ ᠵᠦᠢᠯ ᠳᠤ᠄ ︽ᠮᠠᠶᠢᠮᠠᠶᠢᠯᠠᠬᠤ ᠭᠡᠷ᠎ᠡ ᠶᠢᠨ ᠠᠭᠤᠯᠭ᠎ᠠ ᠳᠤ ᠶᠡᠷᠦ ᠳᠡᠭᠡᠨ ᠬᠠᠷᠠᠯᠲᠠ | ᠡᠳ᠋ ᠤᠨ ᠨᠡᠷᠡᠶᠢᠳᠦᠯ᠂ ᠲᠤᠭ᠎ᠠ ᠬᠡᠮᠵᠢᠶ᠎ᠡ᠂ ᠶᠠᠰᠤ ᠴᠢᠨᠠᠷ᠂ ᠦᠨ᠎ᠡ ᠬᠠᠩᠰᠢ᠂ ᠭᠦᠢᠴᠡᠳᠬᠡᠬᠦ ᠬᠤᠭᠤᠴᠠᠭ᠎ᠠ᠂ | ᠭᠦᠢᠴᠡᠳᠬᠡᠬᠦ ᠭᠠᠵᠠᠷ ᠣᠷᠣᠨ ᠪᠠ ᠠᠷᠭ᠎ᠠ ᠮᠠᠶ᠋ᠢᠭ᠂ ᠪᠣᠭᠤᠳᠠᠯᠯᠠᠬᠤ ᠠᠷᠭ᠎ᠠ ᠮᠠᠶ᠋ᠢᠭ᠂ ᠰᠢᠯᠭᠠᠨ ᠪᠠᠶᠢᠴᠠᠭᠠᠬᠤ | ᠪᠠᠷᠢᠮᠵᠢᠶ᠎ᠠ ᠪᠠ ᠠᠷᠭ᠎ᠠ᠂ ᠳ᠋ᠦᠩᠨᠡᠨ ᠪᠤᠳᠤᠬᠤ ᠠᠷᠭ᠎ᠠ ᠮᠠᠶ᠋ᠢᠭ᠂ ᠭᠡᠷ᠎ᠡ ᠳᠤ ᠬᠡᠷᠡᠭᠯᠡᠬᠦ ᠦᠰᠦᠭ ᠪᠢᠴᠢᠭ ᠵᠢᠴᠢ | ᠲᠡᠭᠦᠨ ᠤ ᠬᠦᠴᠦᠨ ᠵᠡᠷᠭᠡ ᠵᠦᠢᠯ ᠵᠤᠷᠪᠤᠰ ᠢ ᠪᠠᠭᠲᠠᠭᠠᠨ᠎ᠠ︾ ᠭᠡᠵᠦ ᠲᠣᠭᠲᠠᠭᠠᠵᠠᠢ᠃ | ᠡᠶᠢᠮᠦ ᠠᠴᠠ ᠭᠡᠷ᠎ᠡ ᠶᠢᠨ ᠵᠦᠢᠯ ᠵᠤᠷᠪᠤᠰ ᠢ ᠪᠦᠷᠢᠨ ᠪᠦᠲᠦᠨ ᠪᠤᠶᠤ ᠨᠢᠭᠡ ᠬᠡᠰᠡᠭ ᠢ ᠨᠢ ᠬᠠᠤᠯᠢ | ᠴᠠᠭᠠᠵᠠ ᠶᠢᠨ ᠲᠣᠭᠲᠠᠭᠠᠯ ᠢᠶᠠᠷ ᠯᠠᠪᠯᠠᠯᠲᠠ ᠪᠣᠯᠭᠠᠨ ᠨᠠᠶᠢᠷᠠᠭᠤᠯᠤᠨ ᠪᠢᠴᠢᠵᠦ ᠪᠣᠯᠣᠨ᠎ᠠ᠂ ᠭᠡᠷ᠎ᠡ ᠶᠢᠨ ᠵᠦᠢᠯ | ᠵᠤᠷᠪᠤᠰ ᠢ ᠬᠡᠳᠦᠢ ᠨᠠᠷᠢᠨ ᠨᠢᠮᠪᠠᠢ ᠨᠠᠶᠢᠷᠠᠭᠤᠯᠤᠨ ᠪᠢᠴᠢᠬᠦ ᠲᠤᠳᠤᠮ᠂ ᠵᠣᠬᠢᠴᠠᠩᠭᠤᠢ ᠪᠠᠶᠢᠳᠠᠯ ᠭᠠᠷᠬᠤ ᠦᠶ᠎ᠡ ᠳᠤ | ᠬᠤᠶᠠᠷ ᠡᠲᠡᠭᠡᠳ ᠤᠨ ᠵᠢᠭᠤᠷᠠᠯᠳᠤᠭᠠᠨ ᠡᠭᠦᠰᠬᠦ ᠲᠣᠬᠢᠶᠠᠯᠳᠤᠮᠵᠢ ᠨᠢ ᠲᠡᠳᠦᠢ ᠳᠣᠣᠷ᠎ᠠ ᠪᠠᠶᠢᠳᠠᠭ᠃ | ᠭᠡᠷ᠎ᠡ ᠶᠢᠨ ᠭᠤᠣᠯ ᠴᠣᠭᠴᠠ ᠲᠣᠳᠣᠷᠬᠠᠢ ᠪᠠᠶᠢᠬᠤ ᠬᠡᠷᠡᠭᠲᠡᠢ | ︽ᠬᠤᠳᠠᠯᠳᠤᠨ ᠠᠪᠤᠭᠴᠢ︾ ᠪᠠ ︽ᠬᠤᠳᠠᠯᠳᠤᠭᠴᠢ︾ ᠪᠣᠯ ᠬᠠᠤᠯᠢ ᠴᠠᠭᠠᠵᠠ ᠳᠠᠬᠢ ︽ᠬᠤᠳᠠᠯᠳᠤᠨ | ᠠᠪᠤᠭᠴᠢ︾ ᠪᠠ ︽ᠬᠤᠳᠠᠯᠳᠤᠭᠴᠢ︾ ᠶᠢᠨ ᠬᠢᠯᠪᠠᠷᠴᠢᠯᠠᠭᠰᠠᠨ ᠢᠯᠡᠷᠬᠡᠶᠢᠯᠡᠯ ᠮᠥᠨ᠃ ᠭᠡᠷ᠎ᠡ ᠶᠢᠨ ᠭᠤᠤᠯ | ᠴᠣᠭᠴᠠ ᠶᠢ ᠲᠣᠳᠣᠷᠬᠠᠶᠢᠯᠠᠬᠤ ᠪᠣᠯ ᠭᠡᠷ᠎ᠡ ᠶᠢᠨ ᠬᠤᠶᠠᠷ ᠲᠠᠯ᠎ᠠ ᠶᠢᠨ ᠡᠷᠬᠡ ᠡᠭᠦᠷᠭᠡ ᠶᠢ ᠲᠣᠳᠣᠷᠬᠠᠶᠢᠯᠠᠬᠤ ᠶᠢᠨ | ᠤᠷᠢᠲᠠᠯ ᠮᠥᠨ᠃ ᠡᠶᠢᠮᠦ ᠠᠴᠠ ᠭᠡᠷ᠎ᠡ ᠲᠣᠭᠲᠠᠭᠠᠬᠤ ᠦᠶ᠎ᠡ ᠳᠤ᠂ ᠬᠤᠶᠠᠷ ᠡᠲᠡᠭᠡᠳ ᠢᠶᠠᠷ ᠢᠶᠠᠨ ᠴᠥᠮ | ᠮᠠᠶᠢᠮᠠᠶᠢᠯᠠᠬᠤ ᠬᠤᠶᠠᠷ ᠡᠲᠡᠭᠡᠳ ᠤᠨ ᠨᠡᠷᠡᠶᠢᠳᠦᠯ ᠢ ᠠᠩᠬᠠᠷᠴᠤ᠂ ᠭᠡᠷ᠎ᠡ ᠶᠢᠨ ᠵᠦᠢᠯ ᠵᠤᠷᠪᠤᠰ ᠤᠨ ᠬᠡᠯᠪᠡᠷᠢ ᠪᠠᠷ | ᠲᠣᠳᠣᠷᠬᠠᠶᠢᠯᠠᠬᠤ ᠶᠢᠨ ᠬᠠᠮᠲᠤ ᠭᠡᠷ᠎ᠡ ᠳᠤ ᠭᠠᠷ ᠤᠨ ᠦᠰᠦᠭ ᠵᠢᠷᠤᠬᠤ᠂ ᠲᠠᠮᠠᠭ᠎ᠠ ᠪᠠᠨ ᠳᠠᠷᠤᠬᠤ ᠲᠠᠢ ᠨᠢᠭᠡᠳᠦᠯᠲᠡᠢ | ᠪᠠᠶᠢᠯᠭᠠᠬᠤ ᠶᠢ ᠦᠨᠡᠨ ᠬᠦ ᠪᠠᠲᠤᠯᠠᠪᠠᠯ ᠬᠠᠮᠤᠭ ᠤᠨ ᠰᠠᠶᠢᠨ ᠶᠤᠮ᠃ | ᠭᠡᠷ᠎ᠡ ᠶᠢᠨ ᠬᠠᠷᠠᠯᠲᠠ ᠪᠣᠳᠠᠰ ᠢ ᠴᠢᠳᠠᠬᠤ ᠶᠢᠨ ᠬᠢᠷᠢ ᠪᠠᠷ ᠨᠠᠷᠢᠨ ᠳᠦᠷᠰᠦᠯᠡᠭᠡᠷᠡᠢ | ᠬᠠᠤᠯᠢ ᠴᠠᠭᠠᠵᠠ ᠶᠢᠨ ᠦᠢᠯᠡᠳᠦᠯᠭᠡ ᠶᠢᠨ ᠳᠤᠮᠳᠠ᠂ ᠭᠡᠷ᠎ᠡ ᠶᠢᠨ ᠬᠠᠷᠠᠯᠲᠠ ᠪᠣᠳᠠᠰ ᠨᠢ ᠲᠣᠳᠣᠷᠬᠠᠢ | ᠦᠭᠡᠢ ᠠᠴᠠ ᠪᠣᠯᠵᠤ ᠵᠢᠭᠤᠷᠠᠯᠳᠤᠭᠠᠨ ᠡᠭᠦᠰᠬᠦ ᠪᠠᠶᠢᠳᠠᠯ ᠴᠥᠭᠡᠨ ᠪᠤᠰᠤ ᠪᠠᠶᠢᠳᠠᠭ᠃ ᠬᠠᠷᠠᠯᠲᠠ ᠡᠳ᠋ ᠤᠨ ᠨᠡᠷᠡᠶᠢᠳᠦᠯ | ᠂ ᠬᠡᠯᠪᠡᠷᠢ ᠮᠠᠶ᠋ᠢᠭ᠂ ᠲᠤᠭ᠎ᠠ ᠬᠡᠮᠵᠢᠶ᠎ᠡ᠂ ᠭᠠᠳᠠᠷ ᠪᠠᠶᠢᠳᠠᠯ᠂ ᠬᠡᠮ ᠬᠡᠮᠵᠢᠶ᠎ᠡ ᠶᠢᠨ ᠲᠤᠬᠠᠢ ᠭᠡᠷ᠎ᠡ ᠲᠣᠭᠲᠠᠭᠠᠬᠤ ᠳᠠᠭᠠᠨ | ᠠᠯᠢ ᠴᠢᠳᠠᠬᠤ ᠪᠠᠷ ᠲᠣᠳᠣᠷᠬᠠᠢ ᠶᠠᠷᠢᠵᠤ᠂ ᠨᠠᠷᠢᠨ ᠲᠣᠳᠣᠷᠬᠠᠢ ᠪᠢᠴᠢᠬᠦ ᠬᠡᠷᠡᠭᠲᠡᠢ᠂ ᠠᠵᠢᠯ ᠲᠦᠷᠦᠯ ᠤᠨ ᠪᠤᠰᠤ | ᠬᠥᠮᠥᠨ ᠬᠠᠷᠠᠯᠲᠠ ᠡᠳ᠋ ᠤᠨ ᠨᠡᠷᠡᠶᠢᠳᠦᠯ ᠢ ᠤᠩᠰᠢᠬᠤ ᠳᠤ ᠰᠠᠯᠪᠤᠷᠢ ᠤᠳᠬ᠎ᠠ ᠡᠭᠦᠰᠬᠦ ᠦᠭᠡᠢ ᠪᠣᠯ ᠰᠠᠶᠢᠨ ᠶᠤᠮ᠃ | ᠬᠡᠷᠪᠡ ᠬᠠᠷᠠᠯᠲᠠ ᠡᠳ᠋ ᠤᠨ ᠨᠡᠷᠡᠶᠢᠳᠦᠯ ᠤᠨ ᠬᠡᠯᠪᠡᠷᠢ ᠮᠠᠶ᠋ᠢᠭ ᠨᠢ ᠲᠣᠳᠣᠷᠬᠠᠢ ᠪᠢᠰᠢ ᠪᠠᠶᠢᠪᠠᠯ᠂ ᠭᠡᠷ᠎ᠡ ᠶᠢ | ᠵᠣᠬᠢᠶᠠᠬᠤ ᠳᠠᠭᠠᠨ ᠬᠠᠷᠠᠯᠲᠠ ᠡᠳ᠋ ᠤᠨ ᠤᠶᠢᠯᠢᠭᠡᠷ ᠵᠢᠷᠤᠭ ᠢ ᠳᠠᠭᠠᠯᠳᠤᠭᠤᠯᠵᠤ ᠪᠣᠯᠣᠨ᠎ᠠ᠃ | ᠬᠠᠷᠠᠯᠲᠠ ᠪᠣᠳᠠᠰ ᠤᠨ ᠶᠠᠰᠤ ᠴᠢᠨᠠᠷ/ᠮᠡᠷᠭᠡᠵᠢᠯ ᠤᠨ ᠪᠠᠷᠢᠮᠵᠢᠶ᠎ᠠ ᠶᠢ ᠲᠣᠳᠣᠷᠬᠠᠢ ᠪᠣᠯᠭᠠᠬᠤ ᠬᠡᠷᠡᠭᠲᠡᠢ | ᠬᠠᠷᠠᠯᠲᠠ ᠡᠳ᠋ ᠢ ᠲᠣᠳᠣᠷᠬᠠᠶᠢᠯᠠᠭᠰᠠᠨ ᠤ ᠲᠠᠷᠠᠭ᠎ᠠ᠂ ᠮᠠᠶᠢᠮᠠᠶᠢᠯᠠᠬᠤ ᠭᠡᠷ᠎ᠡ ᠶᠢᠨ ᠬᠠᠷᠠᠯᠲᠠ ᠡᠳ᠋ ᠤᠨ ᠶᠠᠰᠤ | ᠴᠢᠨᠠᠷ / ᠮᠡᠷᠭᠡᠵᠢᠯ ᠤᠨ ᠪᠠᠷᠢᠮᠵᠢᠶ᠎ᠠ ᠶᠢ ᠪᠠᠰᠠ ᠲᠣᠳᠣᠷᠬᠠᠶᠢᠯᠠᠬᠤ ᠬᠡᠷᠡᠭᠲᠡᠢ᠃ ᠬᠡᠰᠡᠭ ᠲᠠᠸᠠᠷ ᠲᠤ ᠦᠢᠯᠡᠳᠬᠦᠨ ᠤ | ᠶᠠᠰᠤ ᠴᠢᠨᠠᠷ / ᠮᠡᠷᠭᠡᠵᠢᠯ ᠤᠨ ᠪᠠᠷᠢᠮᠵᠢᠶ᠎ᠠ ᠤᠯᠠᠨ ᠪᠠᠶᠢᠪᠠᠯ᠂ ᠮᠠᠶᠢᠮᠠᠶᠢᠯᠠᠬᠤ ᠬᠤᠶᠠᠷ ᠲᠠᠯ᠎ᠠ ᠪᠠᠷ ᠢᠶᠠᠨ ᠭᠡᠷ᠎ᠡ ᠶᠢᠨ | ᠬᠠᠷᠠᠯᠲᠠ ᠡᠳ᠋ ᠤᠨ ᠪᠠᠷᠢᠮᠵᠢᠶ᠎ᠠ ᠶᠢ ᠲᠣᠳᠣᠷᠬᠠᠢ ᠪᠣᠯᠵᠣᠨ ᠲᠣᠭᠲᠠᠬᠤ ᠶᠢᠨ ᠤᠯᠠᠮ ᠠᠴᠠ ᠬᠤᠶᠢᠨᠠᠬᠢ ᠬᠠᠷᠠᠯᠲᠠ ᠡᠳ᠋ ᠢ | ᠲᠤᠰᠢᠶᠠᠨ ᠥᠭᠬᠦ᠂ ᠬᠤᠳᠠᠯᠳᠤᠨ ᠠᠪᠬᠤ ᠲᠠᠯ᠎ᠠ ᠶᠢᠨ ᠬᠢᠨ ᠰᠢᠯᠭᠠᠨ ᠪᠠᠶᠢᠴᠠᠭᠠᠬᠤ ᠡᠭᠦᠷᠭᠡ ᠪᠠᠨ ᠭᠦᠢᠴᠡᠳᠬᠡᠬᠦ | ᠦᠶ᠎ᠡ ᠳᠤ ᠭᠡᠷ᠎ᠡ ᠶᠢᠨ ᠬᠤᠶᠠᠷ ᠲᠠᠯ᠎ᠠ ᠪᠠᠷ ᠢᠶᠠᠨ ᠦᠨᠳᠦᠰᠦ ᠪᠠᠷᠢᠮᠲᠠ ᠲᠠᠢ ᠪᠠᠶᠢᠬᠤ ᠬᠡᠷᠡᠭᠲᠡᠢ᠃ | ᠭᠦᠢᠴᠡᠳᠬᠡᠬᠦ ᠬᠤᠭᠤᠴᠠᠭ᠎ᠠ ᠵᠢᠴᠢ ᠭᠦᠢᠴᠡᠳᠬᠡᠬᠦ ᠭᠠᠵᠠᠷ ᠨᠢ ᠲᠣᠳᠣᠷᠬᠠᠢ ᠪᠠᠶᠢᠬᠤ ᠬᠡᠷᠡᠭᠲᠡᠢ | ᠮᠠᠶᠢᠮᠠᠶᠢᠯᠠᠬᠤ ᠬᠠᠷᠠᠯᠲᠠ ᠪᠠᠷ ᠠᠪᠴᠤ ᠬᠡᠯᠡᠪᠡᠯ᠂ ᠭᠦᠢᠴᠡᠳᠬᠡᠬᠦ ᠬᠤᠭᠤᠴᠠᠭ᠎ᠠ ᠨᠢ ᠳᠠᠷᠤᠢ ᠪᠠᠷᠠᠭ᠎ᠠ | ᠲᠤᠰᠢᠶᠠᠬᠤ ᠬᠤᠭᠤᠴᠠᠭ᠎ᠠ ᠪᠣᠯᠣᠨ᠎ᠠ᠂ ᠬᠤᠳᠠᠯᠳᠤᠭᠴᠢ ᠨᠢ ᠪᠣᠯᠵᠣᠨ ᠲᠣᠭᠲᠠᠭᠰᠠᠨ ᠴᠠᠭ ᠤᠨ ᠶᠣᠰᠣᠭᠠᠷ ᠬᠠᠷᠠᠯᠲᠠ | ᠡᠳ᠋ ᠢᠶᠠᠨ ᠲᠤᠰᠢᠶᠠᠬᠤ ᠬᠡᠷᠡᠭᠲᠡᠢ᠃ ᠭᠡᠷ᠎ᠡ ᠳᠤ ᠲᠤᠰᠢᠶᠠᠨ ᠥᠭᠬᠦ ᠬᠤᠭᠤᠴᠠᠭ᠎ᠠ ᠶᠢ ᠪᠣᠯᠵᠣᠨ ᠲᠣᠭᠲᠠᠭᠰᠠᠨ ᠪᠠᠶᠢᠪᠠᠯ᠂ | ᠬᠤᠳᠠᠯᠳᠤᠭᠴᠢ ᠨᠢ ᠲᠤᠰ ᠲᠤᠰᠢᠶᠠᠨ ᠥᠭᠬᠦ ᠬᠤᠭᠤᠴᠠᠭᠠᠨ ᠤ ᠳᠣᠲᠣᠷᠠᠬᠢ ᠶᠠᠮᠠᠷᠪᠠ ᠴᠠᠭ ᠲᠤ ᠲᠤᠰᠢᠶᠠᠨ ᠥᠭᠴᠦ | ᠪᠣᠯᠣᠨ᠎ᠠ᠃ | ︽ᠪᠠᠷᠠᠭ᠎ᠠ ᠰᠢᠯᠭᠠᠬᠤ ᠬᠤᠭᠤᠴᠠᠭ᠎ᠠ︾ ᠶᠢ ᠪᠣᠯᠵᠣᠨ ᠲᠣᠭᠲᠠᠭᠠᠬᠤ ᠬᠡᠷᠡᠭᠲᠡᠢ | ᠪᠠᠷᠠᠭ᠎ᠠ ᠰᠢᠯᠭᠠᠬᠤ ᠬᠤᠭᠤᠴᠠᠭ᠎ᠠ ᠭᠡᠳᠡᠭ ᠨᠢ ᠬᠤᠳᠠᠯᠳᠤᠨ ᠠᠪᠤᠭᠴᠢ ᠶᠢᠨ ᠰᠢᠯᠭᠠᠨ ᠪᠠᠶᠢᠴᠠᠭᠠᠯᠭᠠᠬᠤ ᠶᠢ | ᠮᠡᠳᠡᠭᠳᠡᠬᠦ ᠡᠭᠦᠷᠭᠡ ︵ᠬᠠᠷᠠᠯᠲᠠ ᠡᠳ᠋ ᠤᠨ ᠲᠤᠭ᠎ᠠ ᠬᠡᠮᠵᠢᠶ᠎ᠡ ᠪᠤᠶᠤ ᠶᠠᠰᠤ ᠴᠢᠨᠠᠷ ᠨᠢ ᠪᠣᠯᠵᠣᠨ ᠲᠣᠭᠲᠠᠭᠰᠠᠨ ᠲᠠᠢ | ᠨᠡᠶᠢᠴᠡᠬᠦ ᠦᠭᠡᠢ ᠪᠠᠶᠢᠳᠠᠯ ᠢ ᠬᠤᠳᠠᠯᠳᠤᠭᠴᠢ ᠳᠤ ᠮᠡᠳᠡᠭᠳᠡᠬᠦ︶ ᠭᠦᠢᠴᠡᠳᠬᠡᠬᠦ ᠬᠤᠭᠤᠴᠠᠭ᠎ᠠ ᠶᠢ ᠵᠢᠭᠠᠵᠤ ᠪᠠᠶᠢᠨ᠎ᠠ᠃ | ᠬᠠᠤᠯᠢ ᠴᠠᠭᠠᠵᠠ ᠶᠢᠨ ᠦᠢᠯᠡᠳᠦᠯᠭᠡ ᠶᠢᠨ ᠳᠤᠮᠳᠠ᠂ ᠬᠤᠳᠠᠯᠳᠤᠭᠴᠢ ᠠᠴᠠ ᠬᠤᠳᠠᠯᠳᠤᠨ ᠠᠪᠤᠭᠴᠢ ᠪᠠᠷ ᠪᠠᠷᠠᠭᠠᠨ ᠤ | ᠵᠣᠭᠤᠰ ᠢ ᠲᠥᠯᠥᠭᠦᠯᠬᠦ ᠪᠠᠷ ᠵᠣᠷᠢᠭᠰᠠᠨ ᠪᠠᠶᠢᠪᠠᠯ᠂ ᠬᠤᠳᠠᠯᠳᠤᠨ ᠠᠪᠤᠭᠴᠢ ᠠᠴᠠ ᠶᠠᠰᠤ ᠴᠢᠨᠠᠷ ᠤᠨ ᠲᠤᠬᠠᠢ | ᠣᠨᠳᠣᠣ ᠰᠠᠨᠠᠯ ᠳᠤᠷᠠᠳᠤᠭᠰᠠᠨ ᠤ ᠤᠯᠠᠮ ᠠᠴᠠ ᠵᠢᠭᠤᠷᠠᠯᠳᠤᠭᠠᠨ ᠡᠭᠦᠰᠦᠭᠰᠡᠨ ᠬᠡᠷᠡᠭ ᠴᠥᠭᠡᠨ ᠪᠤᠰᠤ ᠪᠠᠶᠢᠳᠠᠭ᠃ | ᠳᠡᠭᠡᠷ᠎ᠡ ᠳᠤᠷᠠᠳᠤᠭᠰᠠᠨ ᠶᠠᠰᠤ ᠴᠢᠨᠠᠷ / ᠮᠡᠷᠭᠡᠵᠢᠯ ᠤᠨ ᠪᠠᠷᠢᠮᠵᠢᠶ᠎ᠠ ᠶᠢ ᠲᠣᠳᠣᠷᠬᠠᠶᠢᠯᠠᠬᠤ ᠴᠢᠬᠤᠯᠠᠲᠠᠢ ᠪᠠᠶᠢᠬᠤ ᠠᠴᠠ | ᠭᠠᠳᠠᠨ᠎ᠠ᠂ ︽ᠪᠠᠷᠠᠭ᠎ᠠ ᠰᠢᠯᠭᠠᠬᠤ ᠬᠤᠭᠤᠴᠠᠭ᠎ᠠ︾ ᠶᠢᠨ ᠲᠤᠬᠠᠢ ᠪᠣᠯᠵᠣᠨ ᠲᠣᠭᠲᠠᠭᠰᠠᠨ ᠨᠢ ᠲᠣᠳᠣᠷᠬᠠᠢ ᠦᠭᠡᠢ | ᠪᠠᠶᠢᠬᠤ ᠨᠢ ᠪᠠᠰᠠ ᠴᠤ ᠵᠢᠭᠤᠷᠠᠯᠳᠤᠭᠠᠨ ᠡᠭᠦᠰᠦᠭᠰᠡᠨ ᠤ ᠨᠢᠭᠡᠨ ᠶᠡᠭᠡ ᠰᠢᠯᠲᠠᠭᠠᠨ ᠪᠣᠯᠣᠨ᠎ᠠ᠃ | ᠭᠡᠷ᠎ᠡ ᠳᠤ ᠪᠣᠯᠵᠣᠭᠰᠠᠨ ᠴᠤᠴᠠᠯᠠᠯᠲᠠ ᠪᠠ ᠬᠠᠤᠯᠢ ᠪᠠᠷ ᠲᠣᠭᠲᠠᠭᠠᠭᠰᠠᠨ ᠴᠤᠴᠠᠯᠠᠯᠲᠠ | ᠭᠡᠷ᠎ᠡ ᠶᠢᠨ ᠲᠤᠬᠠᠢ ᠶᠢᠨ ᠬᠥᠮᠥᠨ ᠨᠢ ᠭᠡᠷ᠎ᠡ ᠶᠢ ᠴᠤᠴᠠᠯᠬᠤ ᠤᠴᠢᠷ ᠰᠢᠯᠲᠠᠭᠠᠨ ᠢ ᠪᠣᠯᠵᠣᠨ ᠲᠣᠭᠲᠠᠭᠠᠵᠤ | ᠪᠣᠯᠣᠨ᠎ᠠ᠃ ᠭᠡᠷ᠎ᠡ ᠶᠢ ᠬᠦᠴᠦᠨ ᠤᠶᠢᠭᠡᠢ ᠪᠣᠯᠭᠠᠬᠤ ᠤᠴᠢᠷ ᠰᠢᠯᠲᠠᠭᠠᠨ ᠭᠠᠷᠤᠭᠰᠠᠨ ᠦᠶ᠎ᠡ ᠳᠤ ᠭᠡᠷ᠎ᠡ ᠶᠢ ᠬᠦᠴᠦᠨ | ᠤᠶᠢᠭᠡᠢ ᠪᠣᠯᠭᠠᠬᠤ ᠡᠷᠬᠡ ᠲᠠᠢ ᠬᠥᠮᠥᠨ ᠭᠡᠷ᠎ᠡ ᠶᠢ ᠬᠦᠴᠦᠨ ᠤᠶᠢᠭᠡᠢ ᠪᠣᠯᠭᠠᠵᠤ ᠪᠣᠯᠣᠨ᠎ᠠ᠃ ᠬᠡᠷᠪᠡ ᠪᠣᠯᠵᠣᠨ | ᠲᠣᠭᠲᠠᠭᠰᠠᠨ ᠦᠭᠡᠢ ᠪᠠᠶᠢᠪᠠᠯ᠂ ᠭᠡᠷ᠎ᠡ ᠶᠢ ᠬᠠᠤᠯᠢ ᠪᠠᠷ ᠬᠦᠴᠦᠨ ᠦᠭᠡᠢ ᠪᠣᠯᠭᠠᠬᠤ ᠳᠤ ᠢᠷᠭᠡᠨ ᠤ ᠬᠠᠤᠯᠢ ᠶᠢᠨ | ᠪᠢᠴᠢᠭ ᠤᠨ ᠲᠠᠪᠤᠨ ᠵᠠᠭᠤ ᠵᠢᠷᠠᠨ ᠭᠤᠷᠪᠠᠳᠤᠭᠠᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠯᠡᠨ᠎ᠡ᠃ | ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢᠨ ᠲᠤᠬᠠᠢ ᠪᠣᠯᠵᠤᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ | ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠶᠢ ᠪᠣᠯᠵᠣᠨ ᠲᠣᠭᠲᠠᠭᠠᠬᠤ ᠨᠢ ᠬᠤᠶᠠᠷ ᠲᠠᠯ᠎ᠠ ᠶᠢᠨ ᠭᠡᠷ᠎ᠡ ᠶᠢ | ᠭᠦᠢᠴᠡᠳᠬᠡᠬᠦ ᠶᠢ ᠬᠢᠵᠠᠭᠠᠷᠯᠠᠬᠤ ᠨᠢᠭᠡ ᠵᠦᠢᠯ ᠤᠨ ᠠᠷᠭ᠎ᠠ ᠪᠠᠷᠢᠯ ᠪᠣᠯᠬᠤ ᠮᠥᠷᠲᠡᠭᠡᠨ ᠪᠠᠰᠠ ᠪᠣᠯᠵᠤᠭ᠎ᠠ ᠶᠢ | ᠵᠥᠷᠢᠴᠡᠭᠰᠡᠨ ᠪᠠᠶᠢᠳᠠᠯ ᠭᠠᠷᠤᠭᠰᠠᠨ ᠤ ᠲᠠᠷᠠᠭ᠎ᠠ᠂ ᠭᠡᠷ᠎ᠡ ᠶᠢ ᠰᠠᠬᠢᠬᠤ ᠲᠠᠯ᠎ᠠ ᠨᠢ ᠥᠪᠡᠷ ᠤᠨ ᠬᠠᠤᠯᠢ ᠶᠣᠰᠣᠨ ᠤ | ᠡᠷᠬᠡ ᠪᠠᠨ ᠵᠣᠷᠢᠬᠤ ᠶᠢᠨ ᠦᠨᠳᠦᠰᠦᠯᠡᠯ ᠪᠣᠯᠣᠨ᠎ᠠ᠃ | ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠶᠢᠨ ᠲᠤᠬᠠᠢ ᠲᠣᠭᠲᠠᠭᠠᠯᠲᠠ ᠶᠢ ᠬᠤᠶᠠᠷ ᠲᠠᠯ᠎ᠠ ᠪᠠᠷ ᠢᠶᠠᠨ | ᠵᠥᠪᠳᠡᠯᠴᠡᠵᠦ ᠪᠣᠯᠣᠨ᠎ᠠ᠂ ᠬᠠᠤᠯᠢ ᠴᠠᠭᠠᠵᠠ ᠶᠢᠨ ᠲᠣᠭᠲᠠᠭᠠᠯ ᠢ ᠵᠥᠷᠢᠴᠡᠬᠦ ᠦᠭᠡᠢ ᠯᠡ ᠶᠤᠮ ᠪᠣᠯ ᠴᠥᠮ | ᠬᠦᠴᠦᠨ ᠲᠠᠢ᠃ ᠵᠢᠱᠢᠶᠡᠯᠡᠪᠡᠯ᠄ ᠪᠣᠯᠵᠤᠭ᠎ᠠ ᠶᠢ ᠵᠥᠷᠢᠴᠡᠭᠰᠡᠨ ᠡᠲᠡᠭᠡᠳ ᠲᠤ ᠪᠣᠳᠠᠲᠠᠢ ᠭᠦᠢᠴᠡᠳᠬᠡᠬᠦ᠂ | ᠨᠥᠬᠦᠪᠦᠷᠢᠯᠡᠬᠦ ᠠᠷᠭ᠎ᠠ ᠬᠡᠮᠵᠢᠶ᠎ᠡ ᠠᠪᠬᠤ᠂ ᠪᠣᠯᠵᠤᠭ᠎ᠠ ᠶᠢ ᠵᠥᠷᠢᠴᠡᠭᠰᠡᠨ ᠮᠥᠩᠭᠦ ᠥᠭᠬᠦ᠂ ᠪᠣᠯᠵᠣᠭᠠᠨ ᠤ | ᠮᠥᠩᠭᠦ ᠶᠢᠨ ᠲᠣᠷᠭᠠᠭᠤᠯᠢ ᠶᠢᠨ ᠳᠦᠷᠢᠮ ᠢ ᠬᠡᠷᠡᠭᠯᠡᠬᠦ᠂ ᠬᠤᠬᠢᠷᠠᠯ ᠢ ᠲᠥᠯᠥᠭᠦᠯᠬᠦ᠂ ᠦᠨ᠎ᠡ ᠶᠢᠨ ᠵᠣᠭᠤᠰ ᠪᠤᠶᠤ | ᠬᠥᠯᠥᠰᠦ ᠣᠯᠭᠤᠮᠵᠢ ᠶᠢ ᠪᠠᠭᠠᠰᠬᠠᠬᠤ ᠪᠠᠷ ᠭᠤᠶᠤᠴᠢᠯᠠᠬᠤ ᠵᠡᠷᠭᠡ ᠦᠷ᠎ᠡ ᠤᠷᠰᠢᠭ ᠢ ᠡᠭᠦᠷᠭᠡᠯᠡᠭᠦᠯᠬᠦ ᠪᠠᠷ ᠱᠠᠭᠠᠷᠳᠠᠵᠤ | ᠪᠣᠯᠣᠨ᠎ᠠ᠃ | ᠵᠠᠭᠪᠤᠷ ᠵᠦᠢᠯ ᠵᠤᠷᠪᠤᠰ ᠨᠢ ᠰᠠᠨᠠᠭᠤᠯᠤᠨ ᠲᠣᠳᠣᠷᠬᠠᠶᠢᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ | ᠮᠠᠶᠢᠮᠠᠢ ᠶᠢᠨ ᠭᠡᠷ᠎ᠡ ᠶᠢ ᠲᠣᠭᠲᠠᠭᠠᠬᠤ ᠶᠠᠪᠤᠴᠠ ᠳᠤ ᠳᠠᠪᠠᠭᠤᠯᠢᠭ ᠪᠠᠶᠢᠷᠢ ᠰᠠᠭᠤᠷᠢ ᠲᠠᠢ ᠲᠠᠯ᠎ᠠ ᠨᠢ | ᠬᠡᠯᠪᠡᠷᠢᠵᠢᠭᠰᠡᠨ ᠵᠦᠢᠯ ᠵᠤᠷᠪᠤᠰ ᠤᠨ ᠭᠡᠷ᠎ᠡ ᠶᠢ ᠬᠠᠩᠭᠠᠳᠠᠭ᠂ ᠲᠤᠬᠠᠶᠢᠯᠠᠪᠠᠯ ᠳᠠᠪᠲᠠᠨ ᠬᠡᠷᠡᠭᠯᠡᠬᠦ ᠶᠢᠨ ᠲᠥᠯᠥᠭᠡ | ᠤᠷᠢᠳᠴᠢᠯᠠᠨ ᠲᠤᠭᠤᠷᠪᠢᠨ ᠲᠣᠭᠲᠠᠭᠠᠭᠰᠠᠨ ᠪᠥᠭᠡᠳ ᠭᠡᠷ᠎ᠡ ᠲᠣᠭᠲᠠᠭᠠᠬᠤ ᠦᠶ᠎ᠡ ᠳᠤ ᠨᠦᠭᠦᠭᠡ ᠲᠠᠯ᠎ᠠ ᠲᠠᠢ ᠪᠠᠨ | ᠵᠥᠪᠳᠡᠯᠴᠡᠭᠰᠡᠨ ᠦᠭᠡᠢ ᠭᠡᠷ᠎ᠡ ᠪᠣᠯᠣᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ | |