ᠬᠠᠤᠯᠢ ᠪᠤᠰᠤ ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠥᠯᠢᠶᠡᠨ ᠠᠪᠬᠤ ᠲᠥᠬᠦᠭᠡᠷᠦᠮᠵᠢ ᠶᠢ ᠢᠯᠭᠠᠷᠠᠭᠤᠯᠤᠨ ᠴᠡᠭᠴᠡᠯᠡᠬᠦ ᠶᠢ ᠪᠥᠬᠦ ᠲᠠᠯ᠎ᠠ ᠪᠠᠷ ᠭᠦᠨᠵᠡᠭᠡᠢ ᠥᠷᠨᠢᠭᠦᠯᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/6/15
      ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠬᠦᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠶᠢᠨ ᠲᠥᠯᠥᠭᠡ᠂ ᠮᠠᠨ ᠤ ᠰᠢᠶᠠᠨ ᠤ ᠬᠠᠤᠯᠢ ᠪᠤᠰᠤ ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠬᠦᠯᠢᠶᠡᠨ ᠠᠪᠬᠤ ᠲᠥᠬᠦᠭᠡᠷᠦᠮᠵᠢ ᠶᠢ ᠴᠡᠪᠡᠷᠯᠡᠭᠰᠡᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ︽ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠬᠦᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︽︿ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠬᠦᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠣᠭᠲᠠᠭᠠᠯ﹀ ᠢ ᠬᠡᠷᠡᠭᠵᠢᠭᠦᠯᠬᠦ ᠨᠠᠷᠢᠨ ᠳᠦᠷᠢᠮ︾ ᠪᠠ ︽ᠳᠠᠭᠠᠭᠤᠯᠢ ᠣᠳᠣᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠬᠦᠯᠢᠶᠡᠨ ᠠᠪᠬᠤ ᠲᠥᠬᠦᠭᠡᠷᠦᠮᠵᠢ ᠤᠭᠰᠠᠷᠠᠬᠤ ᠦᠢᠯᠡᠴᠢᠯᠡᠭᠡᠨ ᠤ ᠲᠦᠷ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2023 ᠣᠨ ᠤ 6 ᠳ᠋ᠤᠭᠠᠷ ᠰᠠᠷ᠎ᠠ ᠠᠴᠠ ᠡᠬᠢᠯᠡᠨ ᠪᠦᠬᠦ ᠰᠢᠶᠠᠨ ᠤ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ ᠤᠭᠰᠠᠷᠠᠭᠰᠠᠨ᠂ ᠬᠡᠷᠡᠭᠯᠡᠭᠰᠡᠨ ᠪᠠ ᠵᠥᠪᠰᠢᠶᠡᠷᠡᠯ ᠦᠭᠡᠢ ᠪᠠᠷ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠳᠤᠷ᠎ᠠ ᠪᠠᠷ ᠢᠶᠠᠨ ᠪᠣᠷᠣᠯᠠᠭᠤᠯᠤᠭᠰᠠᠨ᠂ ᠤᠭᠰᠠᠷᠠᠨ ᠬᠡᠷᠡᠭᠯᠡᠭᠰᠡᠨ ᠬᠤᠪᠢ ᠬᠥᠮᠥᠨ᠂ ᠨᠢᠭᠡᠴᠢ᠂ ᠬᠤᠳᠠᠯᠳᠤᠭᠠᠨ ᠤ ᠫᠦᠰᠡ᠂ ᠬᠤᠭᠤᠯᠠ ᠤᠮᠳᠠ᠂ ᠬᠤᠨᠤᠭ ᠪᠠᠭᠤᠳᠠᠯ᠂ ᠵᠤᠭ᠎ᠠ ᠴᠡᠩᠭᠡᠯ ᠤᠨ ᠭᠠᠵᠠᠷ ᠵᠢᠴᠢ ᠪᠤᠰᠤᠳ ᠤᠯᠠᠨ ᠨᠡᠶᠢᠲᠡ ᠶᠢᠨ ᠲᠠᠯᠠᠪᠤᠷ ᠢ ᠪᠦᠬᠦ ᠲᠠᠯ᠎ᠠ ᠪᠠᠷ ᠴᠡᠪᠡᠷᠯᠡᠨ ᠴᠡᠭᠴᠡᠯᠡᠨ᠎ᠡ᠂ ᠤᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠤᠯᠤᠰ ᠠᠴᠠ ᠳᠠᠭᠠᠭᠤᠯᠢ ᠤᠳᠤᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠬᠦᠯᠢᠶᠡᠨ ᠠᠪᠬᠤ ᠲᠥᠬᠦᠭᠡᠷᠦᠮᠵᠢ ᠶᠢ ᠦᠢᠯᠡᠳᠪᠦᠷᠢᠯᠡᠬᠦ᠂ ᠭᠠᠳᠠᠭᠠᠳᠤ ᠠᠴᠠ ᠣᠷᠣᠭᠤᠯᠬᠤ᠂ ᠪᠣᠷᠣᠯᠠᠭᠤᠯᠬᠤ᠂ ᠤᠭᠰᠠᠷᠠᠬᠤ ᠪᠠ ᠬᠡᠷᠡᠭᠯᠡᠬᠦ ᠳᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠎ᠡ᠂ ᠶᠠᠮᠠᠷᠪᠠ ᠨᠢᠭᠡᠴᠢ ᠪᠠ ᠬᠤᠪᠢ ᠬᠥᠮᠥᠨ ᠳᠠᠭᠠᠭᠤᠯᠢ ᠤᠳᠤᠨ ᠤ ᠳᠠᠮᠵᠢᠭᠤᠯᠤᠭᠰᠠᠨ ᠬᠢᠯᠢ ᠶᠢᠨ ᠭᠠᠳᠠᠨᠠᠬᠢ ᠲᠧᠯᠸᠢᠰ ᠤᠨ ᠫᠷᠣᠭ᠍ᠷᠠᠮ ᠢ ᠳᠤᠷ᠎ᠠ ᠪᠠᠷ ᠢᠶᠠᠨ ᠬᠦᠯᠢᠶᠡᠨ ᠠᠪᠴᠤ ᠪᠣᠯᠬᠤ ᠦᠭᠡᠢ᠃ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ︵ᠶᠡᠷᠦ ᠳᠡᠭᠡᠨ ᠲᠧᠯᠸᠢᠰ ᠤᠨ ᠬᠦᠯᠢᠶᠡᠨ ᠠᠪᠬᠤ ᠲᠣᠭᠤᠭ᠎ᠠ︶ ᠶᠢ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ᠂ ᠤᠭᠰᠠᠷᠠᠭᠰᠠᠨ᠂ ᠬᠡᠷᠡᠭᠯᠡᠭᠰᠡᠨ ᠪᠦᠬᠦᠨ ᠴᠥᠮ ᠴᠡᠪᠡᠷᠯᠡᠨ ᠴᠡᠭᠴᠡᠯᠡᠬᠦ ᠬᠡᠪᠴᠢᠶᠡᠨ ᠳᠤ ᠪᠠᠭᠲᠠᠨ᠎ᠠ᠃      ᠬᠤᠶᠠᠷ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠣᠷᠣᠨ ᠳᠤ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ ᠪᠣᠷᠣᠯᠠᠭᠤᠯᠤᠭᠰᠠᠨ᠂ ᠤᠭᠰᠠᠷᠠᠭᠰᠠᠨ ᠪᠠ ᠬᠡᠷᠡᠭᠯᠡᠭᠰᠡᠨ ᠨᠢᠭᠡᠴᠢ ᠪᠠ ᠬᠤᠪᠢ ᠬᠥᠮᠥᠨ ᠪᠦᠬᠦᠨ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠬᠠᠤᠯᠢ ᠶᠢ ᠵᠥᠷᠢᠴᠡᠨ ᠪᠣᠷᠣᠯᠠᠭᠤᠯᠤᠭᠰᠠᠨ᠂ ᠤᠭᠰᠠᠷᠠᠭᠰᠠᠨ ᠪᠠ ᠬᠡᠷᠡᠭᠯᠡᠭᠰᠡᠨ ᠠᠵᠢᠯᠯᠠᠭ᠎ᠠ ᠪᠠᠨ ᠡᠷᠬᠡᠪᠰᠢ ᠵᠣᠭᠰᠤᠭᠠᠬᠤ ᠬᠡᠷᠡᠭᠲᠡᠢ᠃      ᠭᠤᠷᠪᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠳᠤᠷ᠎ᠠ ᠪᠠᠷ ᠢᠶᠠᠨ ᠤᠭᠰᠠᠷᠠᠨ ᠬᠡᠷᠡᠭᠯᠡᠭᠰᠡᠨ ᠶᠠᠮᠠᠷᠪᠠ ᠨᠢᠭᠡᠴᠢ ᠪᠠ ᠬᠤᠪᠢ ᠬᠥᠮᠥᠨ ᠡᠷᠬᠡᠪᠰᠢ 2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠥᠪᠡᠰᠦᠪᠡᠨ ᠨᠤᠷᠠᠭᠠᠨ ᠬᠠᠶᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠨᠤᠷᠠᠭᠠᠨ ᠠᠷᠢᠯᠭᠠᠭᠰᠠᠨ ᠦᠭᠡᠢ ᠪᠤᠶᠤ ᠦᠷᠭᠦᠯᠵᠢᠯᠡᠨ ᠬᠡᠷᠡᠭᠯᠡᠭᠰᠡᠨ ᠨᠢᠭᠡᠴᠢ ᠵᠢᠴᠢ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠵᠣᠬᠢᠴᠠᠩᠭᠤᠢ ᠰᠢᠳᠬᠡᠯ ᠥᠭᠭᠦᠨ᠎ᠡ᠃      ᠳᠥᠷᠪᠡ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠬᠠᠤᠯᠢ ᠶᠣᠰᠣᠭᠠᠷ ᠴᠡᠭᠴᠡᠯᠡᠨ ᠵᠠᠰᠠᠬᠤ ᠶᠢ ᠡᠰᠡᠷᠭᠦᠴᠡᠭᠰᠡᠨ᠂ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢᠨ ᠲᠣᠭᠲᠠᠭᠠᠯ ᠶᠣᠰᠣᠭᠠᠷ ᠰᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠲᠤᠬᠠᠢ ᠶᠢᠨ ᠬᠥᠮᠥᠨ ᠤ ᠡᠷᠡᠭᠦᠦ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠲᠠᠪᠤ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠷᠭᠡᠨ ᠤᠯᠠᠨ ᠬᠤᠳᠠ ᠶᠢᠨ ᠠᠷᠠᠳ ᠤᠯᠠᠨ ᠢᠶᠠᠷ ᠢᠶᠠᠨ ᠮᠡᠳᠡᠵᠤ ᠬᠠᠷᠢᠯᠴᠠᠨ ᠳᠠᠮᠵᠢᠭᠤᠯᠬᠤ ᠶᠢ ᠬᠦᠰᠡᠵᠦ ᠪᠠᠶᠢᠨ᠎ᠠ᠃      ᠲᠣᠭᠲᠠᠬᠤ ᠰᠢᠶᠠᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ      ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ      ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ      ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠲᠣᠭᠲᠠᠬᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ      ᠲᠣᠭᠲᠠᠬᠤ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ                  2023 ᠣᠨ ᠤ 6 ᠳ᠋ᠤᠭᠠᠷ ᠰᠠᠷ᠎ᠠ ᠶᠢᠨ 8 ᠤ ᠡᠳᠦᠷᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1