ᠭᠠᠯ ᠤᠨᠲᠠᠷᠠᠭᠠᠬᠤ ᠠᠮᠤᠷ ᠲᠦᠪᠰᠢᠨ ᠢ ᠬᠥᠳᠡᠭᠡ ᠲᠣᠰᠬᠤᠨ ᠳᠤ ᠬᠦᠷᠭᠡᠵᠦ᠂ ᠭᠠᠯ ᠰᠡᠷᠭᠡᠶᠢᠯᠡᠬᠦ ᠮᠡᠳᠡᠯᠭᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠤᠶ᠎ᠠ ︱  ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠪᠠᠨ ᠬᠥᠳᠡᠭᠡ ᠲᠣᠰᠬᠤᠨ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/15
      ︽ᠲᠠᠪᠤ ᠶᠢ ᠣᠷᠣᠭᠤᠯᠬᠤ︾ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠬᠥᠳᠡᠭᠡ ᠲᠣᠰᠬᠤᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠦᠯᠦᠭᠡ᠂ 6 ᠳ᠋ᠤᠭᠠᠷ ᠰᠠᠷ᠎ᠠ ᠶᠢᠨ 14 ᠤ ᠡᠳᠦᠷ᠂ ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠠᠷᠢᠶ᠎ᠠ ᠣᠷᠣᠨ ᠤ ᠪᠠᠨ ᠬᠥᠳᠡᠭᠡ ᠲᠣᠰᠬᠤᠨ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠡᠨᠡ ᠬᠤᠭᠤᠴᠠᠭᠠᠨ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ︽ᠵᠣᠭᠤᠭ ᠳᠡᠯᠭᠡᠬᠦ︾ ᠬᠡᠯᠪᠡᠷᠢ ᠪᠠᠷ ᠭᠡᠷ ᠪᠦᠯᠢ ᠶᠢᠨ ᠭᠠᠯ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠲᠠᠶᠢᠯᠪᠤᠷᠢᠯᠠᠵᠤ᠂ ᠪᠣᠳᠠᠲᠤ ᠪᠠᠶᠢᠳᠠᠯ ᠪᠠ ᠤᠯᠠᠷᠢᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠳᠤ ᠣᠶᠢᠷᠠᠲᠤᠭᠤᠯᠬᠤ᠂ ᠠᠮᠢᠳᠤᠷᠠᠯ ᠳᠤ ᠣᠶᠢᠷᠠᠲᠤᠭᠤᠯᠬᠤ᠂ ᠪᠣᠳᠠᠲᠤ ᠪᠠᠶᠢᠳᠠᠯ ᠳᠤ ᠣᠶᠢᠷᠠᠲᠤᠭᠤᠯᠬᠤ ᠠᠷᠭ᠎ᠠ ᠪᠠᠷ ᠲᠣᠰᠬᠤᠨ ᠤ ᠠᠷᠠᠳ ᠲᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠭᠠᠯ ᠬᠡᠷᠡᠭᠯᠡᠬᠦ᠂ ᠴᠠᠬᠢᠯᠭᠠᠨ᠂ ᠬᠡᠢ᠂ ᠲᠣᠰᠣ ᠬᠡᠷᠡᠭᠯᠡᠬᠦ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠤᠨ ᠭᠡᠷ ᠪᠦᠯᠢ ᠶᠢᠨ ᠡᠩ ᠤᠨ ᠦᠶ᠎ᠡ ᠳᠤ ᠠᠩᠬᠠᠷᠪᠠᠯ ᠵᠣᠬᠢᠬᠤ ᠭᠠᠯ ᠤᠨᠲᠠᠷᠠᠭᠠᠬᠤ ᠠᠮᠤᠷ ᠲᠦᠪᠰᠢᠨ ᠤ ᠨᠠᠷᠢᠨ ᠵᠦᠢᠯᠡᠰ ᠵᠢᠴᠢ ᠠᠩᠬᠠᠨ ᠤ ᠦᠶ᠎ᠡ ᠶᠢᠨ ᠭᠠᠯ ᠤᠨ ᠠᠶᠤᠯ ᠢ ᠬᠡᠷᠬᠢᠨ ᠤᠨᠲᠠᠷᠠᠭᠠᠬᠤ᠂ ᠭᠠᠯ ᠤᠨ ᠭᠠᠮᠰᠢᠭ ᠲᠤ ᠬᠡᠷᠬᠢᠨ ᠥᠪᠡᠷ ᠢ ᠪᠠᠨ ᠠᠪᠤᠷᠠᠬᠤ᠂ ᠠᠮᠢ ᠵᠢᠭᠤᠲᠠᠬᠤ ᠵᠡᠷᠭᠡ ᠠᠩᠬᠠᠷᠬᠤ ᠵᠦᠢᠯᠡᠰ ᠢ ᠪᠦᠬᠦ ᠲᠠᠯ᠎ᠠ ᠪᠠᠷ ᠲᠠᠨᠢᠯᠴᠠᠭᠤᠯᠤᠭᠰᠠᠨ ᠪᠠᠶᠢᠨ᠎ᠠ᠃
     ᠣᠯᠠᠨ ᠲᠦᠮᠡᠨ ᠳᠤ ᠭᠠᠯ ᠤᠨᠲᠠᠷᠠᠭᠠᠬᠤ ᠮᠡᠳᠡᠯᠭᠡ ᠶᠢ ᠪᠠᠲᠤ ᠴᠡᠭᠡᠵᠢᠯᠡᠭᠦᠯᠬᠦ ᠶᠢᠨ ᠲᠥᠯᠥᠭᠡ᠂ ᠤᠬᠠᠭᠤᠯᠭ᠎ᠠ ᠶᠢᠨ ᠨᠡᠪᠴᠢᠯᠲᠡ ᠶᠢᠨ ᠦᠷ᠎ᠡ ᠪᠦᠳᠦᠮᠵᠢ ᠶᠢ ᠪᠠᠳᠤᠳᠬᠠᠬᠤ ᠶᠢᠨ ᠲᠦᠯᠦᠭᠡ ᠰᠠᠶᠢᠨ ᠳᠤᠷ᠎ᠠ ᠶᠢᠨ ᠦᠢᠯᠡᠴᠢᠯᠡᠭᠴᠢᠳ ᠰᠠᠨᠠᠭᠠᠴᠢᠯᠠᠭ᠎ᠠ ᠠᠴᠠ ᠪᠠᠨ ᠲᠣᠰᠬᠤᠨ ᠤ ᠠᠷᠠᠳ ᠤᠨ ᠭᠡᠷ ᠲᠤ ᠬᠦᠷᠴᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠦ᠂ ᠵᠤᠨ ᠤ ᠤᠯᠠᠷᠢᠯ ᠤᠨ ᠭᠠᠯ ᠰᠡᠷᠭᠡᠶᠢᠯᠡᠬᠦ ᠮᠡᠳᠡᠯᠭᠡ ᠶᠢ ᠲᠣᠰᠬᠤᠨ ᠤ ᠠᠷᠠᠳ ᠢ ᠵᠢᠯᠣᠭᠤᠳᠤᠨ ᠭᠡᠷ ᠪᠦᠯᠢ ᠶᠢᠨ ᠭᠠᠯ ᠤᠨ ᠭᠠᠮᠰᠢᠭ ᠤᠨ ᠳᠠᠯᠳᠠ ᠭᠡᠮ ᠢ ᠡᠷᠢᠵᠦ ᠠᠷᠢᠯᠭᠠᠬᠤ ᠶᠢᠨ ᠬᠠᠮᠲᠤ ᠲᠣᠰᠬᠤᠨ ᠤ ᠠᠷᠠᠳ ᠲᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠢ ᠴᠠᠭ ᠢᠮᠠᠭᠲᠠ ᠠᠩᠬᠠᠷᠴᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠰᠠᠶᠢᠨ ᠰᠠᠶᠢᠬᠠᠨ ᠳᠠᠳᠬᠠᠯ ᠢ ᠪᠣᠢ ᠪᠣᠯᠭᠠᠵᠤ᠂ ᠠᠮᠢᠳᠤᠷᠠᠯ ᠳᠤᠮᠳᠠ ᠪᠠᠨ ᠭᠠᠯ᠂ ᠴᠠᠬᠢᠯᠭᠠᠨ᠂ ᠬᠡᠢ ᠬᠡᠷᠡᠭᠯᠡᠬᠦ ᠠᠮᠤᠷ ᠲᠦᠪᠰᠢᠨ ᠢ ᠠᠩᠬᠠᠷᠴᠤ᠂ ᠳᠤᠷ᠎ᠠ ᠪᠠᠷ ᠢᠶᠠᠨ ᠴᠠᠬᠢᠯᠭᠠᠨ ᠤᠲᠠᠰᠤ ᠶᠢ ᠲᠠᠲᠠᠵᠤ ᠳᠤᠷ᠎ᠠ ᠪᠠᠷ ᠢᠶᠠᠨ ᠵᠠᠯᠭᠠᠬᠤ ᠦᠭᠡᠢ᠂ ᠳᠠᠭᠠᠭᠠᠴᠠ ᠠᠴᠠ ᠬᠡᠲᠦᠷᠡᠲᠡᠯ᠎ᠡ ᠴᠠᠬᠢᠯᠭᠠᠨ ᠬᠡᠷᠡᠭᠯᠡᠬᠦ ᠦᠭᠡᠢ ᠪᠠᠶᠢᠵᠤ᠂ ᠬᠠᠭᠤᠴᠢᠷᠠᠭᠰᠠᠨ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠪᠠ ᠬᠡᠯᠬᠢᠶ᠎ᠡ ᠶᠢ ᠴᠠᠭ ᠲᠤᠬᠠᠢ ᠳᠤᠨᠢ ᠰᠡᠯᠪᠢᠨ ᠵᠠᠰᠠᠵᠤ ᠰᠣᠯᠢᠵᠤ᠂ ᠭᠠᠳᠠᠭᠰᠢ ᠭᠠᠷᠬᠤ ᠳᠠᠭᠠᠨ ᠤᠰᠤ ᠴᠠᠬᠢᠯᠭᠠᠨ᠂ ᠨᠡᠭᠦᠷᠡᠰᠦᠨ ᠬᠡᠢ ᠶᠢᠨ ᠨᠡᠭᠡᠭᠡᠯᠭᠡ ᠶᠢ ᠬᠠᠭᠠᠬᠤ ᠬᠡᠷᠡᠭᠲᠡᠢ ᠭᠡᠵᠦ ᠰᠠᠨᠠᠭᠤᠯᠪᠠ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠲᠣᠰᠬᠤᠨ ᠤ ᠠᠷᠠᠳ ᠲᠦᠮᠡᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠥᠬᠦᠮ ᠪᠥᠭᠡᠳ ᠬᠡᠷᠡᠭᠯᠡᠭᠡᠨ ᠤ ᠮᠡᠳᠡᠯᠭᠡ ᠶᠢ ᠰᠤᠷᠤᠯᠴᠠᠬᠤ ᠳᠤ ᠠᠰᠢᠭᠲᠠᠢ ᠪᠠᠶᠢᠵᠤ᠂ ᠥᠷᠭᠡᠨ ᠣᠯᠠᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ  ᠬᠢᠨ ᠦᠷᠭᠦᠯᠵᠢᠯᠡᠨ ᠬᠥᠳᠡᠭᠡ ᠲᠣᠰᠬᠤᠨ ᠤ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯ ᠳᠤ ᠴᠢᠭᠯᠡᠭᠦᠯᠵᠦ᠂ ᠰᠡᠳᠬᠢᠴᠡ ᠶᠢᠨ ᠰᠢᠨ᠎ᠡ ᠶᠢ ᠡᠭᠦᠳᠴᠦ᠂ ᠭᠠᠯ ᠤᠨᠲᠠᠷᠠᠭᠠᠬᠤ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠲᠣᠭᠤᠷᠢᠭ ᠤᠨ ᠤᠬᠠᠭᠤᠯᠤᠭᠴᠢ᠂ ᠰᠦᠯᠵᠢᠶᠡᠨ ᠤ ᠠᠵᠢᠯᠲᠠᠨ ᠵᠡᠷᠭᠡ ᠬᠦᠴᠦᠨ ᠢ ᠢᠳᠡᠪᠬᠢᠲᠡᠢ ᠪᠠᠷ ᠲᠠᠶᠢᠴᠢᠯᠠᠨ ᠭᠠᠯ ᠤᠨᠲᠠᠷᠠᠭᠠᠬᠤ ᠤᠬᠠᠭᠤᠯᠭ᠎ᠠ ᠶᠢ ᠬᠥᠳᠡᠭᠡ ᠲᠣᠰᠬᠤᠨ᢭ ᠲᠤ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭ ᠲᠦᠮᠡᠨ ᠡᠷᠥᠭᠡ ᠡᠷᠥᠭᠡ ᠲᠤ ᠬᠦᠷᠭᠡᠵᠦ᠂ ᠤᠯᠠᠨ ᠲᠦᠮᠡᠨ ᠤ ᠠᠮᠢᠳᠤᠷᠠᠯ ᠤᠨ ᠳᠤᠮᠳᠠ ᠭᠠᠯ ᠤᠨᠲᠠᠷᠠᠭᠠᠬᠤ ᠮᠡᠳᠡᠯᠭᠡ ᠶᠢ ᠦᠨᠡᠨᠬᠦ ᠣᠶᠢᠯᠠᠭᠠᠬᠤ ᠪᠠ ᠬᠡᠷᠡᠭᠯᠡᠵᠦ ᠴᠢᠳᠠᠬᠤ ᠪᠣᠯᠭᠠᠨ᠂ ︽ᠠᠮᠤᠷ ᠲᠦᠪᠰᠢᠨ ᠲᠠᠳᠬᠠᠯ ᠲᠠᠢ ᠪᠤᠯᠵᠦ᠂ ᠬᠥᠮᠥᠨ ᠪᠥᠬᠦᠨ ᠭᠠᠯ ᠰᠡᠷᠭᠡᠶᠢᠯᠡᠬᠦ ᠤᠬᠠᠮᠰᠠᠷ ᠲᠠᠢ ᠪᠤᠯᠤᠶ᠎ᠠ︾ ᠭᠡᠬᠦ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠤᠯᠭᠠᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1